ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠪᠤᠯᠪᠠᠰᠤᠨ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/16
      6 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠪᠤᠯᠪᠠᠰᠤᠨ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠭᠦᠸᠧ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠵᠢᠶᠦ᠋ᠨ᠂ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠬᠤᠷᠠᠯ ᠳᠤ ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠴᠦ ᠬᠤᠷᠠᠯ ᠳᠤ ᠣᠷᠣᠯᠴᠠᠵᠠᠶ᠃     
1.jpg     
      ᠬᠤᠷᠠᠯ ᠠᠴᠠ ᠪᠤᠯᠪᠠᠰᠤᠨ ᠬᠤᠳᠠ ᠪᠠᠶᠢᠭᠤᠯᠬᠤ ᠠᠵᠢᠯ ᠤᠨ ᠠᠬᠢᠴᠠ ᠶᠢ ᠰᠣᠨᠣᠰᠴᠤ᠂ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠭᠦᠨᠵᠡᠭᠡᠢ ᠰᠤᠳᠤᠯᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ᠸᠠᠩ ᠭᠦᠸᠧ ᠴᠢᠤᠸᠠᠨ ᠬᠡᠯᠡᠬᠦ ᠳᠡᠭᠡᠨ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠠᠷᠠᠳ ᠲᠤ ᠠᠰᠢᠭ ᠬᠦᠷᠲᠡᠭᠡᠬᠦ ᠴᠢᠬᠤᠯᠠ ᠢᠨᠵᠧᠨᠧᠷᠢᠩ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠲᠥᠯᠥᠪᠯᠡᠨ ᠰᠡᠳᠦᠬᠦ ᠦᠷ᠎ᠡ ᠠᠰᠢᠭ ᠪᠠ ᠠᠵᠢᠯ ᠤᠨ ᠦᠷ᠎ᠡ ᠪᠦᠲᠦᠮᠵᠢ ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠢ ᠨᠢᠭᠡᠯᠡ ᠳᠡᠭᠡᠷ᠎ᠡ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠥᠮᠦᠨ ᠢᠶᠠᠷ ᠦᠨᠳᠦᠰᠦ ᠪᠣᠯᠭᠠᠭᠰᠠᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠶᠠᠰᠤ ᠴᠢᠨᠠᠷ ᠢ ᠴᠢᠩᠭᠠᠳᠬᠠᠨ᠂ ᠴᠠᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠵᠢᠯ ᠤᠨ ᠨᠥᠯᠥᠭᠡ ᠶᠢ ᠪᠠᠭᠠᠰᠬᠠᠬᠤ ᠬᠡᠷᠡᠭᠲᠡᠢ᠃ ᠳᠠᠭᠠᠵᠤ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠪᠠᠬᠢᠵᠢᠭᠦᠯᠦᠨ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠶᠠᠭᠤ ᠬᠢᠬᠦ᠂ ᠶᠠᠭᠠᠬᠢᠵᠤ ᠬᠢᠬᠦ᠂ ᠶᠠᠭᠤ ᠶᠢ ᠪᠦᠲᠦᠭᠡᠬᠦ ᠶᠢ ᠦᠨᠡᠨ ᠬᠦ ᠲᠤᠳᠤᠷᠬᠠᠶᠢᠯᠠᠨ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠮᠡᠨ ᠱᠠᠭᠠᠷᠳᠠᠵᠠᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ