ᠤᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠨᠾᠦ᠋ᠢ ᠶᠢᠨ ᠬᠠᠶ ᠯᠦᠸᠧ ᠪᠦᠯᠦᠭᠯᠡᠯ ᠤᠨ ᠲᠥᠷᠥᠯ ᠵᠦᠶᠯ ᠢ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/21
      6 ᠳ᠋ᠤᠭᠠᠷ ᠰᠠᠷ᠎ᠠ ᠶᠢᠨ 19 ᠤ ᠡᠳᠤᠷ᠂ ᠤᠳᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠ ᠠᠨᠾᠦ᠋ᠢ ᠶᠢᠨ ᠬᠠᠢ ᠯᠦᠸᠧ ᠪᠦᠯᠦᠭᠯᠡᠯ ᠤᠨ ᠲᠦᠷᠦᠯ ᠵᠦᠢᠯ ᠢ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠭᠦᠸᠧ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠨᠾᠦ᠋ᠢ ᠮᠤᠵᠢ ᠶᠢᠨ ᠬᠠᠢ ᠯᠦᠸᠧ ᠱᠦᠢᠨᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠫᠠᠨ ᠵᠦᠩ ᠬᠤᠩ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
c49fedcbe0be60e1dc4ab5ed94c1132.jpg
            ᠬᠤᠷᠠᠯ ᠳᠡᠭᠡᠷ᠎ᠡ᠂ ᠦ᠋ ᠶᠦᠩ ᠨᠢᠩ ᠣᠲᠤᠭ ᠬᠤᠰᠢᠭᠤᠨ ᠤ ᠦᠨᠳᠦᠰᠦᠨ ᠪᠠᠶᠢᠳᠠᠯ ᠪᠠ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠫᠠᠨ ᠵᠦᠩ ᠬᠤᠩ ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠤᠨ ᠲᠣᠭᠤᠷᠢᠨ ᠳᠤ ᠨᠠᠷᠢᠨ ᠨᠢᠮᠪᠠᠶ ᠬᠠᠷᠢᠭᠤᠯᠲᠠ ᠥᠭᠴᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠪᠠᠲᠤᠯᠠᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃      ᠸᠠᠩ ᠭᠦᠸᠧ ᠴᠢᠤᠸᠠᠨ ᠨᠥᠬᠦᠴᠡᠯ ᠪᠦᠷᠢᠯᠳᠦᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ︔ ᠦᠢᠯᠡᠴᠢᠯᠡᠭᠡ ᠪᠠᠨ ᠴᠢᠩᠭᠠᠳᠬᠠᠨ᠂ ᠴᠢᠬᠤᠯᠠ ᠡᠯᠧᠮᠧᠨ᠋ᠲ ᠤᠨ ᠬᠠᠩᠭᠠᠯᠭ᠎ᠠ ᠪᠠᠨ ᠰᠠᠶᠢᠲᠤᠷ ᠬᠢᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠠᠶᠢᠭᠤᠯᠤᠯᠲᠠ ᠶᠢ ᠲᠦᠷᠭᠡᠳᠬᠦ ᠬᠡᠷᠡᠭᠲᠡᠢ︔ ᠪᠠᠲᠤᠯᠠᠭ᠎ᠠ ᠬᠠᠩᠭᠠᠵᠤ᠂ ᠤᠷᠢᠳᠴᠢᠯᠠᠨ ᠵᠣᠯᠭᠠᠭᠤᠯᠤᠨ ᠬᠠᠮᠵᠢᠯᠴᠠᠵᠤ᠂ ᠲᠦᠷᠦᠯ ᠵᠦᠢᠯ ᠤᠨ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠢᠭᠤᠳᠤᠨ᠂ ᠡᠷᠴᠢ ᠵᠣᠷᠢᠭ ᠢᠶᠠᠨ ᠬᠥᠪᠴᠢᠯᠡᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠲᠦᠷᠭᠡᠳᠬᠡᠬᠦ ᠶᠢ ᠬᠦᠰᠡᠵᠦ ᠪᠠᠶᠢᠨ᠎ᠠ ᠭᠡᠪᠡ᠃      ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠲᠤᠭ ᠬᠤᠰᠢᠭᠤᠨ ᠤ ᠭᠠᠵᠠᠷ ᠵᠦᠢ ᠶᠢᠨ ᠪᠠᠶᠢᠷᠢᠰᠢᠯ ᠤᠨ ᠨᠥᠬᠦᠴᠡᠯ ᠰᠠᠶᠢᠨ᠂ ᠡᠬᠢ ᠪᠠᠶᠠᠯᠢᠭ ᠤᠨ ᠳᠠᠪᠠᠭᠤᠯᠢᠭ ᠢᠯᠡᠷᠬᠡᠶ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠶᠯ ᠤᠨ ᠬᠠᠮᠲᠤᠷᠠᠯᠴᠠᠭ᠎ᠠ ᠶᠢ ᠠᠬᠢᠭᠤᠯᠤᠨ᠂ ᠲᠥᠷᠥᠯ ᠵᠦᠶᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠭᠠᠷᠭᠠᠨ᠂ ᠬᠠᠮᠲᠤᠷᠠᠨ ᠬᠥᠭᠵᠢᠭᠦᠯᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ