︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/21
                  ᠣᠳᠤᠭ ᠵᠠᠰᠠᠭ ᠠᠯᠪᠠᠨ ᠲᠠᠷᠬᠠᠭᠠᠭᠰᠠᠨ ﹇2023﹈ 51 ᠳ᠋ᠦ᠋ᠭᠡᠷ ᠲᠣᠭᠠᠲᠤ            ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ             ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ             ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠰᠤᠳᠤᠯᠤᠨ ᠶᠠᠷᠢᠯᠴᠠᠭᠠᠳ ︽ᠣᠲᠤᠭ ᠬᠤᠰᠢᠭᠤᠨ ᠤ ︿ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ﹀ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠤᠨ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠠᠵᠢᠯ ᠤᠨ ᠢᠶᠠᠨ ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠲᠥᠷᠥᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠡᠷᠡᠢ᠃                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 6 ᠳ᠋ᠤᠭᠠᠷ ᠰᠠᠷ᠎ᠠ ᠶᠢᠨ 21 ᠤ ᠡᠳᠦᠷ            ᠣᠲᠤᠭ ᠬᠤᠰᠢᠭᠤᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ             ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠤᠨ ᠲᠥᠰᠥᠯ      ︽︿ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ﹀ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠵᠠᠰᠠᠮᠠᠯ ᠵᠠᠮ ᠵᠠᠬᠢᠳᠠᠯ ﹇2023﹈ 773 ᠳ᠋ᠤᠭᠠᠷ ᠲᠣᠭᠠᠲᠤ︶ ᠤᠨ ᠱᠠᠭᠠᠷᠳᠠᠯᠭ᠎ᠠ ᠳᠤ ᠦᠨᠳᠦᠰᠦᠯᠡᠨ᠂ ᠮᠠᠨ ᠤ ᠬᠤᠰᠢᠭᠤᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠡᠯ᠎ᠡ ᠲᠥᠷᠥᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠨ ᠬᠢᠬᠦ ᠶᠢᠨ ᠲᠤᠰᠠᠳᠠ᠂ ᠲᠤᠰ ᠲᠥᠰᠥᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠶᠡᠷᠦᠩᠬᠡᠢ ᠱᠦᠵᠢ ᠰᠢ ᠶᠢᠨ ᠫᠢᠡᠭ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽2022 ᠣᠨ ᠤ ︿ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ﹀ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠠᠯᠪᠠᠨ ᠵᠠᠰᠠᠮᠠᠯ ᠵᠠᠮ ᠵᠠᠬᠢᠳᠠᠯ ﹇2022﹈ 625 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠲᠣᠬᠢᠶᠠᠯᠳᠤᠭᠤᠯᠤᠨ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ᠂ ᠮᠠᠨ ᠤ ᠬᠤᠰᠢᠭᠤᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠮᠠᠨ ᠤ ᠬᠤᠰᠢᠭᠤᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠢ ᠦᠨᠡᠨ ᠬᠦ ᠴᠢᠩᠭᠠᠳᠬᠠᠬᠤ ᠶᠢᠨ ᠲᠤᠰᠠᠳᠠ᠂ ᠣᠲᠤᠭ ᠬᠤᠰᠢᠭᠤᠨ ᠤ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠨᠠᠰᠤᠨᠳᠡᠯᠭᠡᠷ         ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠯᠠᠠ ᠹᠸᠡᠭ     ᠣᠲᠤᠭ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ      ᠪᠦᠷᠢᠯᠳᠦᠬᠦᠨ᠄ ᠭᠤᠤ ᠭᠤᠸᠠᠩ ᠹᠸᠡᠭ            ᠣᠲᠤᠭ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ              ᠣᠶᠤᠨᠲᠡᠭᠦᠰ                       ᠣᠲᠤᠭ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ              ᠪᠠᠢ ᠯᠢ                           ᠣᠲᠤᠭ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ              ᠼᠦᠢ ᠯᠢᠶᠠᠩ                      ᠣᠲᠤᠭ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ              ᠮᠠ ᠴᠢᠩ ᠱᠠᠨ                    ᠣᠲᠤᠭ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ              ᠸᠠᠩ ᠵᠣᠤ ᠷᠦᠡᠭ                   ᠣᠲᠤᠭ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠤᠨ ᠡᠷᠬᠢᠯᠡᠭᠴᠢ              ᠪᠣᠯᠣᠳ                           ᠣᠲᠤᠭ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ              ᠣᠤ ᡁᠢ ᠫᠢᠡᠭ                      ᠣᠲᠤᠭ ᠬᠤᠰᠢᠭᠤᠨ ᠤ  ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ              ᠵᠠᠩ ᠵᠸᠡᠭ                         ᠣᠲᠤᠭ ᠬᠤᠰᠢᠭᠤᠨ ᠤ  ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ              ᠡᠾᠧ ᠯᠸᠢ                         ᠤᠯᠠᠭᠠᠨᠪᠠᠯᠭᠠᠰᠤᠨ ᠤ ᠪᠠᠯᠭᠠᠰᠤᠨ ᠳᠠᠷᠤᠭ᠎ᠠ              ᠡᠷᠳᠡᠨᠢᠳᠠᠯᠠᠢ                        ᠴᠢ ᠫᠠᠠ ᠵᠢᠩ ᠪᠠᠯᠭᠠᠰᠤᠨ ᠤ ᠪᠠᠯᠭᠠᠰᠤᠨ ᠳᠠᠷᠤᠭ᠎ᠠ              ᠵᠠᠩ ᠶᠸᠦ ᠮᠢᠩ                     ᠮᠸᠡᠭ ᠰᠢ ᠪᠠᠯᠭᠠᠰᠤᠨ ᠤ ᠪᠠᠯᠭᠠᠰᠤᠨ ᠳᠠᠷᠤᠭ᠎ᠠ              ᠬᠡᠰᠢᠭᠪᠡᠲᠤ                         ᠦᠮᠡᠬᠡᠶᠢᠨᠠᠭᠤᠷ ᠪᠠᠯᠭᠠᠰᠤᠨ ᠤ ᠪᠠᠯᠭᠠᠰᠤᠨ ᠳᠠᠷᠤᠭ᠎ᠠ              ᠵᠠᠩ ᠶᠠᠠ ᠰᠢᠠ                     ᠠᠷᠪᠠᠰ ᠰᠤᠮᠤᠨ ᠤ ᠰᠤᠮᠤᠨ ᠳᠠᠷᠤᠭ᠎ᠠ              ᠯᠢ ᠬᠤᠢ                           ᠰᠦᠮᠡᠲᠦ ᠰᠤᠮᠤᠨ ᠤ ᠰᠤᠮᠤᠨ ᠳᠠᠷᠤᠭ᠎ᠠ              ᠡᠦ ᠶᠦᠡᠭ                         ᠣᠲᠤᠭ ᠬᠤᠰᠢᠭᠤᠨ ᠤ ᠰᠢᠤᠳᠠᠨ ᠤ ᠶᠠᠪᠤᠳᠠᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠤᠣ ᡁᠢ ᠫᠢᠩ ᠨᠥᠬᠦᠷ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ ᠨᠢ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠶᠢᠴᠠᠭᠠᠯᠲᠠ ᠶᠢ ᠤᠭᠲᠤᠬᠤ ᠠᠵᠢᠯ ᠤᠨ ᠮᠠᠲ᠋ᠧᠷᠢᠶᠠᠯ ᠢ ᠪᠡᠯᠡᠳᠬᠡᠬᠦ᠂ ᠬᠢᠨᠠᠨ ᠬᠠᠷᠭᠤᠭᠤᠯᠬᠤ᠂ ᠡᠬᠡ ᠲᠠᠩᠰᠠ ᠶᠢ ᠡᠮᠬᠢᠯᠡᠬᠦ᠂ ᠵᠠᠮ ᠱᠤᠭᠤᠮ ᠢ ᠠᠪᠴᠠᠯᠳᠤᠭᠤᠯᠬᠤ᠂ ᠬᠤᠷᠠᠯ ᠤᠨ ᠶᠠᠪᠤᠳᠠᠯ ᠢ ᠪᠡᠯᠡᠳᠬᠡᠬᠦ ᠪᠠ ᠤᠬᠠᠭᠤᠯᠤᠨ ᠮᠡᠳᠡᠭᠡᠯᠡᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠭᠦᠨ ᠤ ᠬᠠᠮᠲᠤ᠂ ᠳᠣᠣᠷ᠎ᠠ ᠨᠢ ᠵᠥᠭᠡᠯᠡᠨ ᠲᠣᠨᠤᠭ ᠤᠨ ᠮᠠᠲ᠋ᠧᠷᠢᠶᠠᠯ ᠤᠨ ᠳᠤᠭᠤᠶᠢᠯᠠᠩ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠤᠨ ᠳᠤᠭᠤᠶᠢᠯᠠᠩ ᠪᠠᠶᠢᠭᠤᠯᠵᠤ᠂ ᠬᠤᠯᠪᠣᠭᠳᠠᠯ ᠪᠦᠬᠦᠢ ᠪᠠᠶᠢᠴᠠᠭᠠᠯᠲᠠ ᠶᠢ ᠤᠭᠲᠤᠬᠤ ᠠᠵᠢᠯ ᠢ ᠬᠠᠷᠢᠭᠤᠴᠠᠭᠤᠯᠤᠨ᠎ᠠ᠃      ︵ᠨᠢᠭᠡ︶ ᠵᠥᠭᠡᠯᠡᠨ ᠲᠣᠨᠤᠭ ᠤᠨ ᠮᠠᠲ᠋ᠧᠷᠢᠶᠠᠯ ᠤᠨ ᠳᠤᠭᠤᠶᠢᠯᠠᠩ᠄      ᠳᠣᠲᠣᠭᠠᠳᠤ ᠠᠵᠢᠯ ᠤᠨ ᠠᠩᠭᠢ ᠳᠠᠭᠠᠭᠤᠯᠤᠭᠴᠢ᠄ ᠤᠣ ᡁᠢ ᠫᠢᠩ    ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ︵13848775397︶      ᠭᠠᠳᠠᠭᠠᠳᠤ ᠠᠵᠢᠯ ᠤᠨ ᠠᠩᠭᠢ ᠳᠠᠭᠠᠭᠤᠯᠤᠭᠴᠢ᠄ ᠵᠠᠩ ᠵᠧᠩ       ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ︵139047777675︶      ᠮᠠᠲ᠋ᠧᠷᠢᠶᠠᠯ ᠳᠠᠮᠵᠢᠭᠤᠯᠤᠭᠴᠢ᠄ ᠴᠡᠴᠡᠭ                        ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ︵15949405933︶      ᠬᠠᠷᠢᠯᠴᠠᠭᠴᠢ᠄ ᠸᠠᠩ ᠪᠥᠸᠧ                              ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ︵13789773202︶      ︵ᠬᠤᠶᠠᠷ︶ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ᠄ᠪᠠᠢ ᠯᠢ                 ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ︵13847378887︶ᠬᠠᠨ ᠫᠧᠩ              ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ︵15547794444︶      ︵ᠭᠤᠷᠪᠠ︶ ᠲᠤᠬᠠᠢ ᠶᠢᠨ ᠲᠠᠯᠠᠪᠠᠶ ᠶᠢᠨ ᠡᠮᠬᠢ ᠳᠢᠭᠯᠢᠮ ᠤᠨ ᠳᠤᠭᠤᠶᠢᠯᠠᠩ᠄ᠮᠠ ᠴᠢᠩ ᠱᠠᠨ          ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ︵13847704860︶ᠯᠢ ᠵᠦ                  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ︵13722107333︶ᠰᠤ᠋ ᠴᠠᠩ       ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠰᠤ ᠴᠢᠨᠠᠷ ᠢ ᠪᠠᠶᠢᠴᠠᠭᠠᠨ ᠰᠢᠯᠭᠠᠵᠤ ᠬᠢᠨᠠᠨ ᠲᠣᠭᠲᠠᠭᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ︵13947721060︶      ᠰᠢᠭᠤᠷᠭᠠᠨ       ᠬᠤᠰᠢᠭᠤᠨ ᠤ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ︵13904777758︶      ᠭᠤᠷᠪᠠ᠂ ᠴᠠᠭ ᠤᠨ ᠲᠣᠬᠢᠷᠠᠭᠤᠯᠭ᠎ᠠ ᠵᠢᠴᠢ ᠦᠨᠡᠯᠡᠨ ᠵᠢᠱᠢᠵᠦ ᠰᠢᠯᠭᠠᠨ ᠬᠤᠷᠢᠶᠠᠬᠤ ᠬᠡᠯᠪᠡᠷᠢ      ︵ᠨᠢᠭᠡ︶ ᠰᠢᠯᠭᠠᠨ ᠬᠤᠷᠢᠶᠠᠬᠤ ᠴᠠᠭ᠄ 7 ᠳ᠋ᠤᠭᠠᠷ ᠰᠠᠷ᠎ᠠ ᠶᠢᠨ 16 ᠤ ᠡᠳᠦᠷ ᠠᠴᠠ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠃ ᠪᠣᠳᠠᠲᠠᠢ ᠠᠵᠢᠯ ᠤᠨ ᠲᠠᠰ ᠳᠠᠷᠠᠭᠠᠯᠠᠯ ᠪᠠ ᠴᠠᠭ ᠢ ᠳᠣᠣᠷᠠᠬᠢ ᠮᠡᠲᠦ ᠲᠣᠬᠢᠷᠠᠭᠤᠯᠪᠠ᠄      ⒈ᠰᠦᠯᠵᠢᠶᠡᠨ ᠳᠡᠭᠡᠷ᠎ᠡ ᠮᠠᠲ᠋ᠧᠷᠢᠶᠠᠯ ᠮᠡᠳᠡᠭᠦᠯᠬᠦ ︵7 ᠳ᠋ᠤᠭᠠᠷ ᠰᠠᠷ᠎ᠠ ᠶᠢᠨ 16 ᠤ ᠡᠳᠦᠷ ᠠᠴᠠ 25 ᠤ ᠡᠳᠦᠷ ᠪᠣᠯᠲᠠᠯ᠎ᠠ︶      ⒉ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ︵7 ᠰᠠᠷ᠎ᠠ ᠶᠢᠨ 26 ᠤ ᠡᠳᠦᠷ ᠠᠴᠠ 31 ᠤ ᠡᠳᠦᠷ ᠪᠣᠯᠲᠠᠯ᠎ᠠ︶      ⒊ᠲᠤᠬᠠᠢ ᠶᠢᠨ ᠭᠠᠵᠠᠷ ᠲᠤᠨᠢ ᠳᠠᠬᠢᠨ ᠬᠢᠨᠠᠬᠤ ︵8 ᠰᠠᠷ᠎ᠠ ᠶᠢᠨ 1 ᠤ ᠡᠳᠦᠷ ᠠᠴᠠ 20 ᠤ ᠡᠳᠦᠷ ᠪᠣᠯᠲᠠᠯ᠎ᠠ︶      ᠲᠤᠬᠠᠢ ᠶᠢᠨ ᠭᠠᠵᠠᠷ ᠲᠤᠨᠢ ᠳᠠᠬᠢᠨ ᠬᠢᠨᠠᠬᠤ ᠪᠣᠳᠠᠲᠠᠢ ᠴᠠᠭ ᠢ ᠦᠨᠡᠯᠡᠨ ᠵᠢᠱᠢᠵᠦ ᠰᠢᠯᠭᠠᠨ ᠬᠤᠷᠢᠶᠠᠬᠤ ᠳᠤᠭᠤᠶᠢᠯᠠᠩ ᠤᠨ ᠬᠢᠨ ᠵᠥᠪᠳᠡᠯᠴᠡᠵᠦ ᠦᠨᠡᠯᠡᠭᠳᠡᠬᠦ ᠮᠤᠵᠢ ᠣᠷᠣᠨ ᠤ ᠠᠵᠢᠯ ᠤᠨ ᠡᠭᠦᠷᠭᠡ ᠪᠠ ᠦᠶᠡᠷ ᠤᠨ ᠬᠤᠭᠤᠴᠠᠭ᠎ᠠ ᠵᠡᠷᠭᠡ ᠬᠦᠴᠦᠨ ᠵᠦᠢᠯ ᠢ ᠪᠣᠳᠣᠯᠬᠢᠯᠠᠨ ᠲᠣᠭᠲᠠᠭᠠᠬᠤ ᠶᠢᠨ ᠬᠠᠮᠲᠤ ᠡᠭᠦᠷᠭᠡ ᠶᠢᠨ ᠬᠦᠨᠳᠦ ᠬᠥᠩᠭᠡᠨ ᠪᠠ ᠭᠠᠵᠠᠷ ᠵᠦᠢ ᠵᠠᠮ ᠬᠠᠷᠢᠯᠴᠠᠭᠠᠨ ᠤ ᠪᠠᠶᠢᠳᠠᠯ ᠳᠤ ᠦᠨᠳᠦᠰᠦᠯᠡᠨ  ᠦᠨᠡᠯᠡᠭᠳᠡᠬᠦ ᠮᠤᠵᠢ ᠣᠷᠣᠨ ᠤ ᠳᠣᠲᠣᠷ᠎ᠠ ᠳᠤᠭᠤᠶᠢᠯᠠᠩ ᠬᠤᠪᠢᠶᠠᠵᠤ ᠬᠡᠷᠡᠭᠵᠢᠭᠦᠯᠦᠨ᠎ᠡ᠃      ︵ᠬᠤᠶᠠᠷ︶ ᠦᠨᠡᠯᠡᠨ ᠵᠢᠱᠢᠵᠦ ᠰᠢᠯᠭᠠᠨ ᠬᠤᠷᠢᠶᠠᠬᠤ ᠬᠡᠯᠪᠡᠷᠢ᠄ ᠦᠨᠡᠯᠡᠨ ᠵᠢᠱᠢᠵᠦ ᠰᠢᠯᠭᠠᠨ ᠬᠤᠷᠢᠶᠠᠬᠤ ᠠᠵᠢᠯ ᠳᠤ ᠮᠤᠵᠢ ᠬᠤᠭᠤᠷᠣᠨᠳᠤ ᠪᠠᠨ ᠬᠠᠷᠢᠯᠴᠠᠨ ᠦᠨᠡᠯᠡᠬᠦ᠂ ᠬᠤᠶᠠᠷ ᠮᠤᠵᠢ ᠨᠢᠭᠡ ᠮᠤᠵᠢ ᠶᠢ ᠬᠢᠨᠠᠬᠤ ᠠᠷᠭ᠎ᠠ ᠮᠠᠶ᠋ᠢᠭ ᠢ ᠠᠪᠴᠤ᠂ ︽ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ + ᠲᠤᠬᠠᠢ ᠶᠢᠨ ᠭᠠᠵᠠᠷ  ᠲᠤᠨᠢ ᠳᠠᠬᠢᠨ ᠬᠢᠨᠠᠬᠤ︾ ᠬᠡᠯᠪᠡᠷᠢ ᠪᠠᠷ ᠶᠠᠪᠤᠭᠳᠠᠭᠤᠯᠤᠨ᠎ᠠ᠃ ᠡᠨᠡ ᠤᠳᠠᠭ᠎ᠠ ᠮᠠᠨ ᠤ ᠬᠤᠰᠢᠭᠤᠨ ᠳᠤ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠨᠢᠭᠡᠴᠢ ᠭᠤᠣᠯ ᠦᠨᠡᠯᠡᠯᠲᠡ ᠬᠢᠵᠦ᠂ ᠵᠢᠶᠠᠩᠰᠢ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠨᠢᠭᠡᠴᠢ ᠦᠨᠡᠯᠡᠯᠲᠡ ᠳᠤ ᠣᠷᠣᠯᠴᠠᠨ᠎ᠠ᠃      ᠳᠥᠷᠪᠡ᠂ ᠳᠠᠬᠢᠨ ᠬᠢᠨᠠᠬᠤ ᠠᠭᠤᠯᠭ᠎ᠠ      ᠳᠣᠲᠣᠭᠠᠳᠤ ᠠᠵᠢᠯ ᠤᠨ ᠬᠡᠰᠡᠭ᠄ ︽2022 ᠣᠨ ᠤ ︿ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ﹀ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠮᠡᠳᠡᠭᠳᠡᠯ︾ ᠳᠤ ᠲᠣᠭᠲᠠᠭᠠᠭᠰᠠᠨ ᠡᠭᠦᠳᠦᠨ ᠪᠠᠶᠢᠭᠤᠯᠬᠤ ᠪᠠᠷᠢᠮᠵᠢᠶ᠎ᠠ᠂ ᠬᠤᠪᠢ ᠲᠣᠭᠲᠠᠭᠠᠬᠤ ᠨᠠᠷᠢᠨ ᠳᠦᠷᠢᠮ ᠵᠢᠴᠢ ︽ᠨᠡᠶᠢᠲᠡᠯᠡᠭᠰᠡᠨ ᠨᠡᠷᠡᠰ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠳᠣᠲᠣᠭᠠᠳᠤ ᠠᠵᠢᠯ ᠤᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠃      ︵ᠨᠢᠭᠡ︶ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠃      ︵ᠬᠤᠶᠠᠷ︶ ᠡᠭᠦᠳᠦᠨ ᠪᠠᠶᠢᠭᠤᠯᠬᠤ ᠠᠵᠢᠯ ᠢ ᠠᠬᠢᠭᠤᠯᠵᠤ ᠪᠡᠶᠡᠯᠡᠭᠦᠯᠦᠭᠰᠡᠨ ᠪᠠᠶᠢᠳᠠᠯ ᠪᠠ ᠦᠷ᠎ᠡ ᠪᠦᠲᠦᠭᠡᠯ ᠤᠨ ᠪᠦᠲᠦᠮᠵᠢᠲᠦ ᠴᠢᠨᠠᠷ᠃      ︵ᠭᠤᠷᠪᠠ︶ ︽ᠠᠷᠭ᠎ᠠ︾ ᠶᠢᠨ ᠳᠣᠯᠣᠳᠤᠭᠠᠷ ᠵᠦᠢᠯ ᠳᠤ ᠲᠣᠭᠲᠠᠭᠠᠭᠰᠠᠨ ᠦᠭᠡᠶᠢᠰᠬᠡᠬᠦ ᠪᠠᠶᠢᠳᠠᠯ ᠣᠷᠣᠰᠢᠵᠤ ᠪᠠᠶᠢᠬᠤ ᠡᠰᠡᠬᠦ᠃ᠭᠠᠳᠠᠭᠠᠳᠤ ᠠᠵᠢᠯ ᠤᠨ ᠬᠡᠰᠡᠭ᠄ ᠳᠠᠬᠢᠨ ᠬᠢᠨᠠᠬᠤ ᠵᠠᠮ ᠱᠤᠭᠤᠮ᠂ ᠲᠠᠯᠠᠪᠤᠷ ᠭᠠᠵᠠᠷ ᠵᠢᠴᠢ ᠠᠶᠠᠯᠠᠯ ᠤᠨ ᠲᠣᠬᠢᠷᠠᠭᠤᠯᠤᠯᠲᠠ ᠶᠢ ︽ᠪᠠᠶᠢᠴᠠᠭᠠᠯᠲᠠ ᠶᠢ ᠤᠭᠲᠤᠬᠤ ᠭᠠᠷ  ᠳᠡᠪᠲᠡᠷ︾ ᠲᠤ ᠨᠠᠷᠢᠨ ᠦᠵᠡᠭᠡᠷᠡᠢ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠦᠨᠡᠯᠡᠨ ᠵᠢᠱᠢᠯᠲᠡ ᠰᠢᠯᠭᠠᠨ ᠬᠤᠷᠢᠶᠠᠯᠲᠠ ᠶᠢ ᠤᠭᠲᠤᠬᠤ ᠠᠵᠢᠯ ᠪᠣᠯ ᠣᠳᠣᠬᠠᠨ ᠤ ᠨᠢᠭᠡ ᠵᠦᠢᠯ ᠤᠨ ᠴᠢᠬᠤᠯᠠ ᠠᠵᠢᠯ ᠮᠥᠨ᠂ ᠡᠯ᠎ᠡ ᠨᠢᠭᠡᠴᠢ᠂ ᠡᠯ᠎ᠡ ᠠᠵᠢᠯᠯᠠᠬᠤ ᠳᠤᠭᠤᠶᠢᠯᠠᠩ ᠪᠠᠶᠢᠴᠠᠭᠠᠯᠲᠠ ᠶᠢ ᠤᠭᠲᠤᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ᠂ ᠶᠡᠭᠡ ᠲᠠᠯ᠎ᠠ ᠠᠴᠠ ᠡᠭᠦᠰᠴᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠳᠠᠭᠠᠨ ᠦᠨᠳᠦᠰᠦᠯᠡᠨ᠂ ᠬᠠᠨᠳᠤᠯᠭᠠᠲᠤ ᠴᠢᠨᠠᠷᠲᠠᠢ ᠪᠠᠷ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ᠂ ᠴᠠᠭ ᠬᠤᠭᠤᠴᠠᠭ᠎ᠠ ᠪᠠ ᠠᠵᠢᠯ ᠤᠨ ᠡᠭᠦᠷᠭᠡ ᠶᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃      ︵ᠬᠤᠶᠠᠷ︶ ᠮᠠᠲ᠋ᠧᠷᠢᠶᠠᠯ ᠤᠨ ᠳᠤᠭᠤᠶᠢᠯᠠᠩ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ᠂ ᠤᠬᠠᠭᠤᠯᠭ᠎ᠠ ᠶᠢᠨ ᠹᠢᠯᠢᠮ᠂ ᠡᠷᠬᠢᠯᠡᠬᠦ ᠦᠭᠡ ᠶᠢ  ᠪᠡᠯᠡᠳᠬᠡᠨ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠵᠦ᠂ ᠪᠠᠶᠢᠴᠠᠭᠠᠯᠲᠠ ᠶᠢ ᠤᠭᠲᠤᠬᠤ ᠭᠠᠷ ᠳᠡᠪᠲᠡᠷ ᠵᠣᠬᠢᠶᠠᠨ᠎ᠠ ︵ᠪᠠᠶᠢᠴᠠᠭᠠᠯᠲᠠ ᠶᠢ ᠤᠭᠲᠤᠬᠤ ᠨᠡᠷᠡᠰ᠂ ᠡᠳᠦᠷ ᠪᠦᠷᠢ ᠶᠢᠨ ᠠᠶᠠᠯᠠᠯ ᠤᠨ ᠲᠣᠬᠢᠷᠠᠭᠤᠯᠤᠯᠲᠠ ᠪᠠᠭᠲᠠᠨ᠎ᠠ᠂ ᠠᠶᠠᠯᠠᠯ ᠤᠨ ᠲᠣᠬᠢᠷᠠᠭᠤᠯᠤᠯᠲᠠ ᠶᠢ ᠳᠣᠲᠣᠭᠠᠳᠤ ᠠᠵᠢᠯ ᠤᠨ ᠳᠤᠭᠤᠶᠢᠯᠠᠩ᠂ ᠭᠠᠳᠠᠭᠠᠳᠤ ᠠᠵᠢᠯ ᠤᠨ ᠳᠤᠭᠤᠶᠢᠯᠠᠩ ᠭᠡᠵᠦ ᠬᠤᠪᠢᠶᠠᠨ᠎ᠠ᠂ ᠭᠠᠳᠠᠭᠠᠳᠤ ᠠᠵᠢᠯ ᠤᠨ ᠳᠤᠭᠤᠶᠢᠯᠠᠩ ᠤᠨ ᠠᠶᠠᠯᠠᠯ ᠤᠨ ᠲᠣᠬᠢᠷᠠᠭᠤᠯᠤᠯᠲᠠ ᠳᠤ ᠲᠣᠭᠤᠷᠢᠨ ᠦᠵᠡᠬᠦ ᠵᠠᠮ ᠱᠤᠭᠤᠮ ᠤᠨ ᠲᠠᠰ ᠳᠠᠷᠠᠭᠠᠯᠠᠯ ᠢ ᠢᠯᠡᠷᠡᠭᠦᠯᠦᠨ᠎ᠡ︶᠃      ︵ᠭᠤᠷᠪᠠ︶ ᠬᠤᠰᠢᠭᠤᠨ ᠤ ᠭᠥᠯᠢᠶᠡᠨ ᠵᠣᠴᠢᠯᠠᠬᠤ ᠠᠯᠪᠠᠨ ᠭᠡᠷ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠬᠠᠷᠢᠯᠴᠠᠵᠤ᠂ ᠪᠠᠶᠢᠴᠠᠭᠠᠯᠲᠠ ᠶᠢ ᠤᠭᠲᠤᠬᠤ ᠠᠵᠢᠯ ᠤᠨ ᠬᠤᠷᠠᠯ ᠤᠨ ᠶᠠᠪᠤᠳᠠᠯ᠂ ᠢᠳᠡᠭᠡᠨ ᠤᠮᠳᠠᠭᠠᠨ᠂ ᠲᠡᠷᠭᠡ ᠬᠥᠰᠬᠡ ᠶᠢᠨ ᠲᠣᠬᠢᠷᠠᠭᠤᠯᠤᠯᠲᠠ ᠵᠡᠷᠭᠡ ᠬᠠᠮᠢᠶ᠎ᠠ ᠪᠦᠬᠦᠢ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︔ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠡᠨᠡ ᠤᠳᠠᠭᠠᠨ ᠤ ᠪᠠᠶᠢᠴᠠᠭᠠᠯᠲᠠ ᠶᠢ ᠤᠭᠲᠤᠬᠤ ᠠᠵᠢᠯ ᠢ ᠤᠬᠠᠭᠤᠯᠤᠨ ᠮᠡᠳᠡᠭᠡᠯᠡᠨ᠎ᠡ︔ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠢᠭᠡᠳ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠬᠠᠮᠵᠢᠯᠴᠠᠨ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠵᠤ᠂ ᠬᠢᠨᠠᠨ ᠪᠠᠶᠢᠴᠠᠭᠠᠬᠤ ᠠᠵᠢᠯ ᠤᠨ ᠲᠡᠷᠭᠡ ᠬᠥᠰᠬᠡ ᠶᠢ ᠵᠣᠭᠰᠤᠭᠠᠬᠤ ᠶᠢ ᠵᠢᠯᠣᠭᠤᠳᠤᠨ᠂ ᠪᠠᠶᠢᠴᠠᠭᠠᠯᠲᠠ ᠶᠢ ᠤᠭᠲᠤᠬᠤ ᠵᠠᠮ ᠱᠤᠭᠤᠮ ᠳᠠᠬᠢ ᠳᠠᠭᠠᠭᠠᠴᠠ ᠬᠤᠷᠳᠤᠴᠠ ᠬᠡᠲᠦᠷᠡᠭᠦᠯᠦᠭᠰᠡᠨ ᠲᠡᠷᠭᠡ ᠬᠥᠰᠬᠡ ᠶᠢ ᠵᠠᠰᠠᠬᠤ ᠵᠡᠷᠭᠡ ᠬᠠᠮᠢᠶ᠎ᠠ ᠪᠦᠬᠦᠢ ᠡᠮᠬᠢ ᠳᠢᠭᠯᠢᠮ ᠢ ᠪᠠᠲᠤᠯᠠᠬᠤ ᠠᠵᠢᠯ ᠢ ᠰᠠᠶᠢᠲᠤᠷ ᠬᠢᠨ᠎ᠡ︔ ᠡᠯ᠎ᠡ ᠰᠤᠮᠤ ᠪᠠᠯᠭᠠᠰᠤ ᠵᠠᠮ ᠱᠤᠭᠤᠮ ᠳᠠᠭᠠᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠡᠷᠭᠢᠨ ᠲᠣᠭᠤᠷᠢᠨ ᠤ ᠣᠷᠴᠢᠨ ᠠᠬᠤᠢ ᠶᠢᠨ ᠠᠷᠢᠭᠤᠨ ᠴᠡᠪᠡᠷ ᠡᠮᠬᠢ ᠳᠢᠭᠯᠢᠮ ᠢ ᠪᠠᠲᠤᠯᠠᠨ᠎ᠠ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2023 ᠣᠨ ᠤ 6 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ