ᠭᠤᠤ ᠬᠤᠸᠠᠢ ᠵᠢᠩ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠵᠡᠷᠭᠡ ᠭᠤᠤᠯᠳᠠᠯᠭ᠎ᠠ ᠲᠠᠢ ᠠᠵᠢᠯ ᠢ ᠲᠤᠰᠬᠠᠶ ᠰᠡᠳᠦᠪ ᠢᠶᠠᠷ ᠳᠣᠭᠢᠷᠠᠭᠤᠯᠪᠠ
ᠨᠡᠶᠢᠲᠡᠯᠡᠭᠰᠡᠨ ᠴᠠᠭ᠄
2023/6/28
      6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠠᠵᠤ ᠠᠬᠤᠶ ᠶᠢᠨ ᠠᠵᠢᠯᠯᠠᠭ᠎ᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠵᠢᠶᠠ ᠷᠦᠢ᠂ ᠯᠢ ᡁᠢ ᠪᠢᠶᠤᠤ᠂ ᠰᠢᠤᠢ ᠷᠦᠢ ᠹᠧᠩ᠂ ᠯᠢᠦ ᠲᠢᠶᠠᠨ ᠶᠦᠨ᠂ ᠯᠢᠦ ᠷᠦᠢ ᠨᠠᠷ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
2023.6.28.png
      ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠢᠴᠢ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠭᠰᠡᠨ ᠪᠠᠶᠢᠳᠠᠯ ᠢ ᠰᠣᠨᠣᠰᠤᠭᠰᠠᠨ ᠤ ᠳᠠᠷᠠᠭ᠎ᠠ᠂ ᠭᠤᠤ ᠬᠤᠸᠠᠢ ᠵᠢᠩ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠣᠶᠢᠯᠠᠭᠠᠭᠳᠠᠬᠤᠨ ᠳᠤ ᠰᠠᠭᠤᠷᠢᠯᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠶᠢᠨ ᠬᠥᠭᠵᠢᠯᠲᠡ ᠶᠢᠨ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ ᠳᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠬᠡᠯᠡᠪᠡ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠣᠨᠣᠰᠤᠭᠰᠠᠨ ᠤ ᠳᠠᠷᠠᠭ᠎ᠠ᠂ ᠭᠤᠤ ᠬᠤᠸᠠᠢ ᠵᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠰᠢ ᠶᠢᠨ ᠫᠢᠩ ᠶᠡᠷᠦᠩᠬᠡᠶ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠪᠠ ᠣᠨᠴᠠᠯᠢᠭ ᠲᠤ ᠰᠠᠭᠤᠷᠢᠯᠠᠨ᠂ ᠲᠠᠷᠢᠶᠠᠯᠠᠩ ᠤᠨ ᠪᠦᠲᠦᠭᠡᠭᠳᠡᠬᠦᠨ ᠤ ᠤᠨᠴᠠᠯᠢᠭᠳᠤ ᠨᠠᠷᠠᠲᠤ ᠲᠡᠮᠳᠡᠭᠲᠦ ᠶᠢ ᠠᠯᠳᠠᠷᠰᠢᠭᠤᠯᠬᠤ ᠬᠡᠷᠡᠭᠲᠡᠶ ᠭᠡᠵᠡᠢ᠃      ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠰᠣᠨᠣᠰᠤᠭᠰᠠᠨ ᠤ ᠳᠠᠷᠠᠭ᠎ᠠ ᠭᠤᠤ ᠬᠤᠸᠠᠢ ᠵᠢᠩ᠂ ᠠᠵᠤ ᠠᠬᠤᠶ ᠶᠢᠨ ᠠᠵᠢᠯ ᠪᠣᠯ ᠮᠠᠨ ᠤ ᠬᠤᠰᠢᠭᠤᠨ ᠤ ᠡᠯ᠎ᠡ ᠵᠦᠶᠯ ᠤᠨ ᠠᠵᠢᠯ ᠤᠨ ᠭᠤᠤᠯᠳᠠᠯᠭ᠎ᠠ ᠮᠥᠨ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠪᠣᠳᠠᠲᠠᠶ ᠠᠵᠢᠯᠯᠠᠵᠤ ᠲᠡᠷᠢᠭᠦᠨ ᠳᠤ ᠲᠠᠯᠪᠢᠬᠤ ᠪᠠᠷ ᠴᠢᠷᠮᠠᠶᠢᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠬᠥᠭᠵᠢᠭᠦᠯᠦᠨ᠂ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠠᠬᠢᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠬᠦᠴᠦᠯᠡᠨ ᠪᠡᠶᠡᠯᠡᠭᠦᠯᠬᠦ ᠬᠡᠷᠡᠭᠲᠡᠶ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠭᠦᠢᠴᠡᠳᠬᠡᠬᠦ ᠲᠤᠭ᠎ᠠ ᠶᠢ ᠲᠤᠬᠢᠷᠠᠭᠤᠯᠤᠨ ᠵᠠᠳᠠᠯᠬᠤ ᠪᠠᠨ ᠴᠢᠩᠭᠠᠳᠬᠠᠵᠤ᠂ ᠢᠳᠡᠪᠬᠢᠲᠡᠢ ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠰᠠᠶᠢᠵᠢᠷᠠᠬᠤ ᠶᠢ ᠲᠠᠰᠤᠷᠠᠯᠲᠠ ᠦᠭᠡᠢ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ