ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ ᠭᠤᠤ ᠬᠤᠸᠠᠢ ᠵᠢᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/7/25
      7 ᠳ᠋ᠤᠭᠠᠷ ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠷᠠᠯ ᠡᠷᠬᠢᠯᠡᠪᠡ᠃
图片1.jpg     
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠢᠶᠠᠩᠰᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠬᠡᠢ ᠣᠶᠢᠯᠠᠭᠠᠵᠤ᠂ ᠣᠲᠤᠭ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ ᠪᠠᠨ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠰᠤᠨᠤᠰᠤᠨ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠰᠤᠷᠤᠯᠴᠠᠬᠤ ᠠᠭᠤᠯᠭ᠎ᠠ ᠶᠢ ᠪᠣᠳᠠᠲᠠᠶ ᠠᠵᠢᠯ ᠲᠠᠢ ᠤᠶᠠᠯᠳᠤᠭᠤᠯᠵᠤ᠂ ᠠᠰᠠᠭᠤᠳᠠᠯ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠷᠢᠯᠢᠭ ᠨᠠᠶᠢᠲᠠᠪᠤᠷᠢᠵᠢᠭᠤᠯᠤᠨ᠂  ᠴᠡᠭᠴᠡᠯᠡᠨ ᠰᠠᠶᠢᠵᠢᠷᠠᠭᠤᠯᠤᠭᠰᠠᠨ ᠢ ᠴᠠᠭ ᠲᠤᠬᠠᠶ ᠳᠤᠨᠢ ᠳᠠᠩᠰᠠᠨ ᠠᠴᠠ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠤᠨᠤᠰᠤᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠯ ᠤᠨ ᠭᠠᠵᠠᠷ ᠢ ᠪᠠᠲᠤ ᠰᠠᠬᠢᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠣᠷᠳᠣᠰ ᠬᠤᠲᠠ ᠶᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠤᠯᠤᠰ ᠲᠥᠷᠥ ᠶᠢᠨ ᠵᠣᠭᠰᠣᠴᠠ ᠪᠠ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠴᠢᠩᠭ᠎ᠠ ᠪᠣᠳᠠᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠵᠢᠴᠢ ᠬᠤᠯᠪᠣᠭᠳᠠᠯ ᠪᠥᠬᠦᠶ ᠡᠬᠡ ᠪᠢᠴᠢᠭ ᠢ ᠲᠤᠭᠤᠷᠪᠢᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠤᠨ ᠰᠦᠪᠡᠭᠴᠢᠯᠡᠵᠦ᠂ ᠡᠯ᠎ᠡ ᠵᠦᠢᠯ ᠤᠨ ᠠᠵᠢᠯ ᠤᠨ ᠠᠬᠢᠴᠠ ᠶᠢ ᠲᠦᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠢ 7 ᠳ᠋ᠤᠭᠠᠷ ᠰᠠᠷ᠎ᠠ ᠶᠢᠨ 25 ᠤ ᠡᠳᠦᠷ ᠤᠯᠠᠭᠠᠨᠪᠠᠯᠭᠠᠰᠤᠨ ᠳᠤ ᠬᠤᠷᠠᠯᠳᠤᠭᠤᠯᠬᠤ ᠪᠠᠷ ᠲᠣᠭᠲᠠᠪᠠ᠃      ᠬᠤᠷᠠᠯ ᠠᠴᠠ ︽︿ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ﹀ ︿ᠤᠷᠳᠤᠰ ᠬᠤᠳᠠ ᠶᠢᠨ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠲᠦᠷᠢᠮ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠬᠠᠭᠤᠯᠵᠤ ᠬᠦᠳᠦᠯᠦᠨ ᠵᠢᠯᠣᠭᠤᠳᠬᠤ ᠲᠥᠰᠦᠯ ︵ᠶᠠᠷᠢᠯᠴᠠᠬᠤ ᠨᠤᠤᠷᠠᠭ︶︾ ᠢ ᠰᠤᠳᠤᠯᠵᠤ ᠬᠢᠨᠠᠨ ᠵᠥᠪᠯᠡᠪᠡ᠃ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠪᠠ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ ᠤᠨ ᠤᠬᠠᠭᠤᠯᠭ᠎ᠠ ᠶᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠪᠥᠬᠦ ᠲᠠᠯ᠎ᠠ ᠪᠠᠷ ᠥᠷᠭᠡᠨ ᠬᠡᠪᠴᠢᠶ᠎ᠡ ᠪᠠᠷ ᠡᠷᠴᠢᠮᠲᠡᠢ ᠤᠬᠠᠭᠤᠯᠵᠤ᠂ ᠤᠰᠤ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ