ᠣᠲᠤᠭ ᠬᠤᠰᠢᠭᠤᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠥᠪᠵᠢᠭᠦᠯᠭᠡ ᠶᠢᠨ ᠬᠥᠲᠥᠯᠪᠤᠷᠢ ᠶᠢ ᠬᠡᠷᠡᠭᠵᠢᠭᠦᠯᠬᠦ ᠲᠥᠰᠥᠯ ︵2021 — 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/5
                  ᠣᠳᠤᠭ ᠵᠠᠰᠠᠭ ᠠᠯᠪᠠᠨ ᠲᠠᠷᠬᠠᠭᠠᠭᠰᠠᠨ ﹇2023﹈ 53 ᠳ᠋ᠤᠭᠠᠷ ᠲᠣᠭᠠᠲᠤ            ᠣᠲᠤᠭ ᠬᠤᠰᠢᠭᠤᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ             ᠲᠥᠯᠥᠪᠵᠢᠭᠦᠯᠭᠡ ᠶᠢᠨ ᠬᠥᠲᠥᠯᠪᠤᠷᠢ ᠶᠢ ᠬᠡᠷᠡᠭᠵᠢᠭᠦᠯᠬᠦ ᠲᠥᠰᠥᠯ ︵2021 — 2025 ᠣᠨ︶ ᠢ ᠳᠠᠷᠤᠮᠠᠯᠯᠠᠨ             ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠣᠲᠤᠭ ᠤᠨ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠥᠪᠵᠢᠭᠦᠯᠭᠡ ᠶᠢᠨ ᠬᠥᠲᠥᠯᠪᠤᠷᠢ ᠶᠢ ᠬᠡᠷᠡᠭᠵᠢᠭᠦᠯᠬᠦ ᠲᠥᠰᠥᠯ ︵2021 — 2025 ᠣᠨ︶︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠪᠠ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 7 ᠳ᠋ᠤᠭᠠᠷ ᠰᠠᠷ᠎ᠠ ᠶᠢᠨ 5 ᠤ ᠡᠳᠦᠷ            ᠣᠲᠤᠭ ᠬᠤᠰᠢᠭᠤᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ            ᠲᠥᠯᠥᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 — 2025 ᠣᠨ︶      ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ 2021 ︱ 2035 ᠣᠨ︶︾ ︵ᠲᠥᠷᠥ ᠲᠠᠷᠬᠠᠭᠠᠭᠰᠠᠨ ﹇2021﹈ 9 ᠳ᠋ᠦ᠋ᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025 ᠣᠨ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2021﹈ 22 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ 2025︶ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2022﹈ 158 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠲᠤᠭ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠵᠢᠴᠢ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ᠦᠨᠳᠦᠰᠦᠯᠡᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ︽ᠨᠠᠮ ᠠᠴᠠ ᠤᠳᠤᠷᠢᠳᠬᠤ᠂ ᠵᠠᠰᠠᠭ ᠤᠨ ᠣᠷᠳᠣᠨ ᠠᠬᠢᠭᠤᠯᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠴᠢᠯᠦᠭᠡᠲᠡᠢ ᠬᠠᠮᠲᠤᠷᠠᠯᠴᠠᠬᠤ︾ ᠵᠠᠷᠴᠢᠮ ᠢ ᠪᠠᠷᠢᠮᠲᠠᠯᠠᠵᠤ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠠᠨ ᠪᠣᠯᠭᠠᠨ᠂ ᠨᠡᠶᠢᠭᠡᠮ ᠵᠢᠷᠤᠮ ᠤᠨ  ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠨ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠣᠷᠴᠢᠨ ᠠᠬᠤᠢ ᠶᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃      ︵ᠬᠤᠶᠠᠷ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠪᠥᠬᠦ ᠬᠤᠰᠢᠭᠤᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠷᠢᠯᠳᠦᠭᠦᠯᠦᠭᠰᠡᠨ ᠬᠠᠷᠢᠴᠠᠯ ᠢ 14% ᠳᠤ  ᠬᠦᠷᠭᠡᠵᠦ᠂ ᠮᠠᠯᠵᠢᠬᠤ ᠲᠠᠷᠢᠶᠠᠯᠠᠬᠤ ᠣᠷᠣᠨ᠂ ᠬᠤᠲᠠ ᠪᠠᠯᠭᠠᠰᠤ᠂ ᠬᠦᠷᠢᠶᠡᠯᠡᠩ ᠲᠣᠭᠤᠷᠢᠭ ᠵᠡᠷᠭᠡ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠪᠠᠶᠢᠳᠠᠯ ᠢ ᠢᠯᠡᠳᠲᠡ ᠰᠠᠶᠢᠵᠢᠷᠠᠭᠤᠯᠤᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠠᠩᠭᠠᠯᠭ᠎ᠠ ᠶᠢᠨ ᠴᠢᠳᠠᠪᠤᠷᠢ ᠶᠢ ᠮᠡᠳᠡᠭᠳᠡᠮ᠎ᠡ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠡᠩᠨᠡᠭᠡ ᠶᠢ ᠤᠯᠠᠮ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠠᠳᠠᠯᠢ ᠲᠡᠭᠰᠢ ᠪᠣᠯᠭᠠᠬᠤ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠠᠯᠢᠬᠠᠨ ᠴᠢᠬᠤᠯᠠᠴᠢᠯᠠᠬᠤ︾ ᠳᠦᠷᠢᠮ ᠢ ᠦᠨᠳᠦᠰᠦᠨ ᠳᠡᠭᠡᠨ ᠪᠦᠷᠢᠯᠳᠦᠭᠦᠯᠦᠨ᠂ ᠪᠥᠬᠦ ᠠᠷᠠᠳ ᠢᠶᠠᠷ ᠢᠶᠠᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠥᠷᠲᠡᠭ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠲᠣᠪᠤᠶᠢᠯᠭᠠᠨ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨ᠎ᠡ ᠶᠢ ᠡᠭᠦᠳᠬᠦ ᠶᠢ ᠡᠷᠬᠢᠮᠯᠡᠬᠦ ᠨᠡᠶᠢᠭᠡᠮ ᠤᠨ ᠣᠷᠴᠢᠨ ᠠᠬᠤᠢ ᠶᠢ ᠪᠦᠷᠢᠯᠳᠦᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠣᠶᠢᠯᠠᠭᠠᠭᠳᠠᠬᠤᠨ ᠪᠠ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠤᠯᠠᠮᠵᠢᠯᠠᠵᠤ᠂ ᠵᠣᠬᠢᠰᠲᠠᠢ ᠰᠡᠵᠢᠭᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠢᠯᠠᠭᠳᠠᠯ ᠢ ᠪᠠᠭᠲᠠᠭᠠᠬᠤ ᠰᠢᠨ᠎ᠡ ᠡᠭᠦᠳᠦᠯᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠵᠤ᠂ ᠰᠢᠨ᠎ᠡ ᠶᠢ ᠡᠭᠦᠳᠦᠨ ᠪᠦᠲᠦᠭᠡᠬᠦ ᠪᠠ ᠰᠢᠨᠵᠢᠯᠡᠬᠦ ᠤᠬᠠᠭᠠᠨ ᠪᠣᠯᠪᠠᠰᠤᠨ ᠢ ᠡᠷᠬᠢᠮᠯᠡᠬᠦ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠨ᠎ᠠ᠃      ︵ᠬᠤᠶᠠᠷ︶ ᠡᠯ᠎ᠡ ᠲᠠᠯ᠎ᠠ ᠶᠢᠨ ᠬᠢᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠎ᠠ᠃ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠬᠠᠮᠵᠢᠯᠴᠠᠨ ᠠᠬᠢᠭᠤᠯᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠪᠡᠯᠡ ᠣᠷᠤᠭᠤᠯᠤᠯᠲᠠ ᠶᠢ ᠪᠠᠲᠤᠯᠠᠬᠤ ᠶᠢ ᠴᠢᠩᠭᠠᠳᠬᠠᠨ᠂ ᠡᠯ᠎ᠡ ᠲᠥᠷᠥᠯ ᠤᠨ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠵᠡᠷᠭᠡ ᠣᠯᠠᠨ ᠲᠠᠯ᠎ᠠ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠢᠳᠡᠪᠬᠢᠵᠢᠯ ᠢ ᠬᠥᠭᠵᠢᠭᠡᠨ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠵᠡᠷᠭᠡ ᠬᠠᠮᠵᠢᠯᠴᠠᠨ ᠠᠬᠢᠭᠤᠯᠤᠭᠰᠠᠨ ᠨᠡᠶᠢᠭᠡᠮᠴᠢᠯᠡᠭᠰᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠪᠠᠶᠢᠷᠢᠰᠢᠯ ᠢ ᠪᠠᠶᠢᠭᠤᠯᠤᠨ᠎ᠠ᠃      ︵ᠭᠤᠷᠪᠠ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠲᠣᠪᠤᠶᠢᠯᠭᠠᠨ᠂ ᠵᠣᠬᠢᠶᠠᠨ ᠪᠠᠶᠢᠭᠤᠯᠵᠤ ᠳᠠᠶᠢᠴᠢᠯᠠᠬᠤ ᠲᠣᠭᠲᠠᠴᠠ ᠶᠢ ᠰᠢᠨᠡᠴᠢᠯᠡᠵᠦ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠠᠭᠤᠯᠭ᠎ᠠ᠂ ᠬᠡᠯᠪᠡᠷᠢ ᠪᠠ ᠠᠷᠭ᠎ᠠ ᠪᠠᠷᠢᠯ ᠵᠡᠷᠭᠡ ᠶᠢ ᠰᠢᠨᠡᠴᠢᠯᠡᠵᠦ ᠰᠠᠶᠢᠵᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠡᠭᠡᠭᠡᠯᠲᠡ ᠬᠢᠵᠦ ᠬᠠᠮᠲᠤᠪᠠᠷ ᠠᠰᠢᠭᠯᠠᠬᠤ ᠶᠢ ᠠᠬᠢᠭᠤᠯᠤᠨ᠂ ᠪᠥᠬᠦ ᠨᠡᠶᠢᠭᠡᠮ ᠤᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ︵ᠳᠥᠷᠪᠡ︶ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠎ᠠ᠃ ᠠᠵᠤ ᠠᠬᠤᠢ ᠶᠢᠨ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠮᠦᠨᠡᠲᠦ ᠣᠷᠣᠨ ᠤ ᠲᠠᠯᠠᠢ ᠳᠠᠭᠠᠤ ᠬᠤᠳᠠ ᠪᠠ ᠲᠡᠷᠢᠭᠦᠨ ᠤ ᠭᠠᠵᠠᠷ ᠣᠷᠣᠨ ᠵᠡᠷᠭᠡ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠯᠤᠭ᠎ᠠ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠣᠯᠢᠯᠴᠠᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠤᠷᠰᠢᠯᠭ᠎ᠠ ᠪᠠᠨ ᠰᠣᠯᠢᠯᠴᠠᠬᠤ ᠪᠠ ᠡᠬᠢ ᠪᠠᠶᠠᠯᠢᠭ ᠢ ᠬᠠᠮᠲᠤ ᠪᠠᠷ ᠠᠰᠢᠭᠯᠠᠬᠤ ᠶᠢ ᠠᠬᠢᠭᠤᠯᠵᠤ᠂ ᠤᠯᠠᠨ ᠲᠠᠯ᠎ᠠ ᠶᠢ ᠨᠢᠭᠡ ᠴᠣᠭᠴᠠᠵᠢᠭᠤᠯᠤᠭᠰᠠᠨ᠂ ᠬᠠᠷᠢᠯᠴᠠᠨ ᠨᠥᠬᠦᠪᠦᠷᠢᠯᠡᠵᠦ ᠬᠠᠮᠲᠤᠷᠠᠨ ᠬᠥᠳᠡᠯᠦᠯᠴᠡᠭᠰᠡᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠯᠠᠮᠵᠢᠯᠠᠨ ᠳᠡᠯᠭᠡᠷᠡᠭᠦᠯᠬᠦ ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠎ᠡ᠃      ᠭᠤᠷᠪᠠ᠂ ᠳᠡᠭᠡᠭᠰᠢᠯᠡᠭᠦᠯᠬᠦ ᠠᠵᠢᠯᠯᠠᠭ᠎ᠠ      ᠭᠤᠣᠯᠳᠠᠭᠤ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠳᠤ ᠲᠣᠭᠤᠷᠢᠭᠤᠯᠤᠨ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠶᠤᠨᠴᠢ ᠰᠡᠳᠬᠢᠬᠦᠢ ᠶᠢ ᠪᠦᠷᠢᠯᠳᠦᠭᠦᠯᠦᠨ᠂ ᠪᠣᠯᠪᠠᠰᠤᠨ ᠡᠶ᠎ᠡ ᠵᠣᠬᠢᠴᠠᠯ ᠲᠠᠢ᠂ ᠡᠷᠡᠭᠦᠯ ᠮᠡᠨᠳᠦ ᠣᠷᠴᠢᠨ ᠲᠣᠭᠤᠷᠢᠨ ᠢ ᠬᠠᠮᠠᠭᠠᠯᠠᠭᠰᠠᠨ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ ᠬᠥᠳᠡᠯᠮᠦᠷᠢ᠂ ᠦᠢᠯᠡᠳᠪᠦᠷᠢᠯᠡᠯ᠂ ᠰᠢᠨ᠎ᠡ ᠶᠢ ᠡᠭᠦᠳᠦᠨ ᠪᠦᠲᠦᠭᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠨᠢᠭᠡ︶ ᠨᠠᠰᠤᠨ ᠳᠤ ᠥᠯᠥ ᠭᠦᠷᠦᠭᠰᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠨᠠᠰᠤᠨ ᠳᠤ ᠥᠯᠥ ᠭᠦᠷᠦᠭᠰᠡᠳ ᠤᠨ ᠰᠣᠨᠢᠭᠤᠴᠢ ᠰᠡᠳᠬᠢᠯ ᠪᠠ ᠲᠥᠰᠥᠭᠡᠯᠡᠨ ᠪᠤᠳᠤᠬᠤ ᠴᠢᠳᠠᠪᠤᠷᠢ ᠶᠢ ᠬᠥᠭᠵᠢᠭᠡᠵᠦ᠂ ᠨᠠᠰᠤᠨ ᠳᠤ ᠥᠯᠥ ᠭᠦᠷᠦᠭᠰᠡᠳ ᠤᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠰᠢᠨ᠎ᠡ ᠶᠢ ᠡᠭᠦᠳᠬᠦ ᠴᠢᠳᠠᠪᠤᠷᠢ ᠶᠢ ᠬᠥᠮᠥᠵᠢᠭᠦᠯᠦᠨ᠎ᠡ᠃      ⒈ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠲᠣᠭᠤᠰᠢᠯᠠᠭᠤᠯᠨ᠎ᠠ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠤᠬᠠᠭᠤᠯᠤᠨ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠵᠢᠭᠠᠨ ᠰᠤᠷᠭᠠᠯᠲᠠ ᠪᠠ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠵᠤ᠂ ᠵᠠᠯᠠᠭᠤᠴᠤᠳ ᠪᠠᠭᠠᠴᠤᠳ ᠢ ᠵᠣᠷᠢᠭᠵᠢᠭᠤᠯᠤᠨ ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠯᠤᠰ ᠬᠡᠳᠦ ᠶᠢᠨ ᠵᠣᠷᠢᠯᠲᠠ ᠲᠠᠢ ᠪᠣᠯᠭᠠᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠦᠨ᠎ᠡ᠃      ⒉ᠰᠤᠷᠭᠠᠭᠤᠯᠢ ᠶᠢᠨ ᠬᠦᠷᠢᠶᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠶᠠᠷ︾ ᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠥᠷᠭᠡᠨ ᠢᠶᠠᠷ ᠥᠷᠨᠢᠭᠦᠯᠵᠦ᠂ ᠰᠢᠨᠵᠢᠯᠡᠬᠦ ᠤᠬᠠᠭᠠᠨ ᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠮᠦᠽᠧᠢ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠡᠷᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠪᠦᠯᠬᠦᠮ ᠳᠤ ᠲᠦᠰᠢᠭᠯᠡᠨ᠂ ᠰᠢᠨᠵᠢᠯᠡᠬᠦ ᠤᠬᠠᠭᠠᠨ ᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠠᠮᠢ ᠠᠬᠤᠢ ᠣᠷᠴᠢᠨ ᠲᠣᠭᠤᠷᠢᠨ᠂ ᠰᠡᠳᠬᠢᠴᠡ ᠹᠢᠽᠢᠣᠯᠣᠭᠢ ᠶᠢᠨ ᠡᠷᠡᠭᠦᠯ ᠮᠡᠨᠳᠦ᠂ ᠠᠮᠤᠷ ᠲᠦᠪᠰᠢᠨ ᠢᠶᠠᠷ ᠠᠶᠤᠯ ᠠᠴᠠ ᠵᠠᠶᠢᠯᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠦᠨ᠎ᠡ᠃      ⒊ᠰᠠᠭᠤᠷᠢ ᠰᠤᠷᠭᠠᠨ ᠬᠥᠮᠦᠵᠢᠯ ᠤᠨ ᠱᠠᠲᠤᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠪᠠᠭᠰᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠶᠢ ᠪᠦᠷᠢᠨ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠰᠢᠨᠵᠢᠯᠡᠬᠦ ᠤᠬᠠᠭᠠᠨ ᠤ ᠬᠢᠴᠢᠶᠡᠯ ᠢ ᠰᠠᠶᠢᠲᠤᠷ ᠣᠷᠣᠨ᠎ᠠ᠃ ᠰᠤᠷᠤᠭᠴᠢᠳ ᠤᠨ ᠰᠣᠨᠢᠭᠤᠴᠢ ᠰᠡᠳᠬᠢᠯ ᠢ ᠬᠠᠮᠠᠭᠠᠯᠠᠵᠤ᠂ ᠮᠡᠳᠡᠯᠭᠡ ᠰᠤᠷᠬᠤ ᠬᠦᠰᠡᠯ ᠪᠠ ᠲᠥᠰᠥᠭᠡᠯᠡᠨ ᠪᠤᠳᠤᠬᠤ ᠴᠢᠳᠠᠪᠤᠷᠢ ᠶᠢ ᠬᠥᠭᠵᠢᠭᠡᠨ᠂ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠪᠢᠶᠠᠰ ᠲᠠᠢ ᠰᠤᠷᠤᠭᠴᠢᠳ ᠤᠨ ᠥᠪᠡᠷᠮᠢᠴᠡ ᠬᠥᠭᠵᠢᠯᠲᠡ ᠶᠢ ᠬᠥᠲᠥᠯᠥᠨ ᠵᠢᠯᠣᠭᠤᠳᠤᠨ᠎ᠠ᠃ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠵᠦ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠠᠬᠤᠢ ᠦᠵᠡᠭᠳᠡᠯᠲᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ᠂  ᠠᠩᠬᠠᠷᠤᠯ ᠢ ᠲᠥᠪᠯᠡᠷᠡᠭᠦᠯᠬᠦ ᠮᠠᠶ᠋ᠢᠭ ᠤᠨ ᠰᠤᠷᠤᠯᠴᠠᠯᠭ᠎ᠠ ᠶᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠠᠵᠢᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠣᠷᠣᠨ ᠲᠣᠭᠤᠷᠢᠭ ᠤᠨ ᠣᠨᠴᠠᠯᠢᠭ ᠲᠠᠢ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠠᠵᠢᠯᠯᠠᠭ᠎ᠠ ᠪᠠ ᠡᠬᠢ ᠪᠠᠶᠠᠯᠢᠭ ᠢ ᠮᠠᠯᠵᠢᠬᠤ ᠲᠠᠷᠢᠶᠠᠯᠠᠬᠤ ᠣᠷᠣᠨ ᠳᠠᠰᠢ ᠢᠯᠡᠭᠦᠬᠡᠨ ᠬᠡᠯᠪᠡᠶᠢᠯᠭᠡᠨ᠎ᠡ᠃      ⒋ᠭᠤᠣᠯ ᠰᠡᠳᠦᠪᠲᠦ ᠠᠵᠢᠯᠯᠠᠭ᠎ᠠ ᠶᠢ ᠴᠢᠩᠭᠠᠳᠬᠠᠨ᠎ᠠ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠤᠷᠤᠯᠳᠤᠭᠠᠨ᠂ ᠮᠠᠰᠢᠨ ᠬᠥᠮᠥᠨ ᠤ ᠤᠷᠤᠯᠳᠤᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢᠨ ᠤᠷᠤᠯᠳᠤᠭᠠᠨ᠂ ᠰᠢᠨᠵᠢᠯᠡᠬᠦ ᠤᠬᠠᠭᠠᠨ ᠤ ᠪᠠᠶᠢᠴᠠᠭᠠᠯᠲᠠ ᠬᠢᠵᠦ ᠪᠡᠶᠡᠴᠢᠯᠡᠨ ᠣᠶᠢᠯᠠᠭᠠᠬᠤ ᠠᠵᠢᠯᠯᠠᠭ᠎ᠠ᠂ ᠰᠦᠪᠡᠭᠴᠢᠯᠡᠯᠲᠡ ᠶᠢᠨ ᠲᠤᠷᠰᠢᠯᠲᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢᠨ ᠤᠷᠤᠯᠳᠤᠭᠠᠨ ᠵᠡᠷᠭᠡ ᠨᠡᠷᠡᠲᠦ ᠲᠡᠮᠳᠡᠭ ᠤᠨ ᠤᠷᠤᠯᠳᠤᠭᠠᠨ ᠤ ᠠᠵᠢᠯᠯᠠᠭ᠎ᠠ ᠶᠢ ᠬᠦᠴᠦᠯᠡᠨ ᠠᠳᠬᠤᠵᠤ᠂ ᠠᠵᠢᠯᠯᠠᠭ᠎ᠠ ᠶᠢ ᠵᠢᠷᠤᠮᠵᠢᠭᠤᠯᠤᠨ᠂ ᠠᠮᠵᠢᠯᠲᠠ ᠪᠦᠲᠦᠮᠵᠢ ᠭᠠᠷᠭᠠᠵᠤ᠂ ᠰᠣᠳᠣᠨ ᠪᠦᠲᠦᠭᠡᠯ ᠡᠭᠦᠳᠦᠨ᠎ᠡ᠃      ⒌ᠪᠠᠭᠰᠢ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠭᠰᠢ ᠶᠢ ᠬᠥᠮᠥᠵᠢᠭᠦᠯᠬᠦ ᠶᠠᠪᠤᠴᠠ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠ ᠠᠭᠤᠯᠭ᠎ᠠ ᠪᠣᠯᠭᠠᠵᠤ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠎ᠠ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠮᠡᠷᠭᠡᠵᠢᠯ ᠤᠨ ᠲᠦᠪᠰᠢᠨ ᠳᠤ ᠭᠡᠷᠡᠴᠢᠯᠡᠭᠡ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠪᠠᠭᠰᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠶᠢᠨ ᠡᠩᠨᠡᠭᠡ ᠶᠢ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠤ ᠪᠠᠭᠰᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ  ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠵᠢᠯ ᠪᠦᠷᠢ 30 ᠪᠠᠭᠰᠢ ᠶᠢ ᠪᠣᠯᠪᠠᠰᠤᠷᠠᠭᠤᠯᠤᠨ᠎ᠠ᠃      ᠲᠦᠷᠦᠭᠦᠯᠡᠨ ᠬᠢᠬᠦ ᠪᠠᠶᠢᠭᠤᠯᠭ᠎ᠠ᠄ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ      ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤᠨ ᠤ ᠬᠤᠷᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ      ︵ᠬᠤᠶᠠᠷ︶ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠃ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠷᠪᠠᠰ ᠤᠨ ᠴᠠᠭᠠᠨ ᠨᠤᠤᠯᠤᠭᠤᠷ ᠤᠨ ᠢᠮᠠᠭ᠎ᠠ᠂ ᠣᠷᠢᠶᠠᠮᠠᠭ ᠵᠠᠮᠠᠭ᠂ ᠠᠯᠠᠰᠢᠨ ᠦᠬᠡᠷ ᠠᠯᠠᠰᠢᠨ ᠬᠤᠨᠢ ᠵᠡᠷᠭᠡ ᠮᠠᠨ ᠤ ᠬᠤᠰᠢᠭᠤᠨ ᠤ ᠣᠨᠴᠠᠯᠢᠭᠲᠤ ᠭᠤᠣᠯ ᠠᠵᠤ ᠦᠢᠯᠡᠰ ᠲᠠᠢ ᠤᠶᠠᠯᠳᠤᠭᠤᠯᠤᠨ᠂ ᠣᠶᠤᠨᠲᠤ ᠲᠠᠷᠢᠶᠠᠯᠠᠩ ᠮᠠᠯ ᠠᠵᠤ ᠠᠬᠤᠢ᠂ ᠬᠦᠪᠦᠷᠡᠯ ᠰᠢᠯᠵᠢᠭᠦᠯᠦᠨ ᠪᠣᠶᠢᠵᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ ᠵᠡᠷᠭᠡ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠡᠷᠢᠭᠦᠨ ᠤ ᠮᠡᠷᠭᠡᠵᠢᠯ ᠢ ᠶᠡᠬᠡᠪᠡᠷ ᠳᠡᠯᠭᠡᠷᠡᠭᠦᠯᠬᠦ ᠶᠢᠨ ᠬᠠᠮᠲᠤ᠂ ᠡᠷᠡᠭᠦᠯ ᠮᠡᠨᠳᠦ ᠡᠷᠡᠭᠦᠯ ᠬᠠᠮᠠᠭᠠᠯᠠᠯ᠂ ᠵᠠᠩ ᠳᠠᠳᠬᠠᠯ ᠢᠶᠠᠨ ᠥᠭᠡᠷᠡᠴᠢᠯᠡᠬᠦ ᠵᠡᠷᠭᠡ ᠶᠢᠨ ᠤᠬᠠᠭᠤᠯᠭ᠎ᠠ ᠬᠥᠮᠦᠵᠢᠯ ᠢ ᠳᠡᠯᠭᠡᠷᠡᠩᠭᠦᠢ ᠥᠷᠨᠢᠭᠦᠯᠵᠦ᠂ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠲᠤᠬᠠᠢ ᠤᠬᠠᠮᠰᠠᠷ ᠢ ᠴᠢᠩᠭᠠᠳᠬᠠᠨ᠂ ᠮᠠᠯᠴᠢᠨ ᠲᠠᠷᠢᠶᠠᠴᠢᠨ ᠤ ᠪᠣᠯᠪᠠᠰᠤᠨ ᠠᠮᠢᠳᠤᠷᠠᠯ᠂ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠵᠦ ᠡᠵᠡᠩᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ⒈ᠰᠢᠨᠵᠢᠯᠡᠬᠦ ᠤᠬᠠᠭᠠᠨ ᠢ ᠢᠲᠡᠭᠡᠬᠦ ᠦᠵᠡᠯ ᠰᠠᠨᠠᠭ᠎ᠠ ᠣᠶᠢᠯᠠᠭᠠᠭᠳᠠᠬᠤᠨ ᠢ ᠪᠤᠢ ᠪᠣᠯᠭᠠᠨ᠎ᠠ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ᠂ ᠪᠣᠬᠢᠷᠲᠤᠯ ᠦᠭᠡᠢ ᠪᠠᠷ ᠦᠢᠯᠡᠳᠪᠦᠷᠢᠯᠡᠬᠦ᠂ ᠭᠠᠮᠰᠢᠭ ᠢ ᠰᠡᠷᠭᠡᠶᠢᠯᠡᠨ ᠪᠠᠭᠠᠰᠬᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠂ ᠵᠠᠩ ᠳᠠᠳᠬᠠᠯ ᠢᠶᠠᠨ ᠥᠭᠡᠷᠡᠴᠢᠯᠡᠬᠦ ᠵᠡᠷᠭᠡ ᠳᠤ ᠲᠣᠭᠤᠷᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃       ⒉ᠦᠨᠳᠤᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠵᠤ᠂ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠣᠳ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢ ᠶᠢ ᠨᠡᠩ ᠣᠯᠠᠨ ᠬᠥᠮᠥᠵᠢᠭᠦᠯᠦᠨ᠂ ᠮᠣᠩᠭᠤᠯ ᠬᠢᠲᠠᠳ ᠬᠤᠶᠠᠷ ᠬᠡᠯᠡᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠴᠦ ᠦᠢᠯᠡᠰ ᠪᠣᠰᠬᠠᠨ ᠴᠢᠨᠡᠭᠡᠯᠢᠭᠵᠢᠬᠦ ᠳᠠᠭᠠᠭᠤᠯᠤᠭᠴᠢ ᠶᠢ ᠬᠥᠮᠥᠵᠢᠭᠦᠯᠬᠦ ᠠᠵᠢᠯᠯᠠᠭ᠎ᠠ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ 12316 ︽ᠮᠠᠯ ᠲᠠᠷᠢᠶᠠᠯᠠᠩ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠬᠠᠯᠠᠮᠰᠢᠯ ᠤᠲᠠᠰᠤ ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ APP ᠲᠠᠪᠴᠠᠩ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ ᠵᠡᠷᠭᠡ ᠠᠴᠢᠶᠠᠯᠠᠪᠤᠷᠢ ᠶᠢ ᠠᠰᠢᠭᠯᠠᠵᠤ ᠂ ᠮᠠᠯᠴᠢᠨ ᠲᠠᠷᠢᠶᠠᠴᠢᠨ ᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠬᠢᠬᠦ᠂ ᠲᠣᠭᠤᠷᠢᠨ ᠵᠢᠭᠠᠨ ᠵᠢᠯᠤᠭᠤᠳᠬᠤ᠂ ᠰᠢᠨ᠎ᠡ ᠲᠦᠷᠦᠯ ᠵᠦᠢᠯ ᠢ ᠳᠡᠯᠭᠡᠷᠡᠭᠦᠯᠬᠦ᠂ ᠰᠢᠨ᠎ᠡ ᠮᠡᠷᠭᠡᠵᠢᠯ ᠢ ᠬᠡᠷᠡᠭᠯᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃      ⒊ᠰᠢᠨᠵᠢᠯᠡᠬᠦ ᠤᠬᠠᠭᠠᠨ ᠮᠡᠷᠭᠡᠵᠢᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠵᠠᠭᠤᠨ ᠨᠡᠷᠡᠰ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ︾᠂ ︽ᠭᠤᠷᠪᠠ ᠶᠢ ᠬᠥᠳᠡᠭᠡ ᠪᠠᠭᠤᠯᠭᠠᠬᠤ︾᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭᠠᠨ ᠤ ᠭᠠᠷᠠᠭ᠂ ᠪᠥᠬᠦ ᠤᠯᠤᠰ ᠤᠨ ᠰᠢᠨᠵᠢᠯᠡᠬᠦ ᠤᠬᠠᠭᠠᠨ ᠤ ᠲᠥᠭᠡᠮᠡᠯᠵᠢᠭᠦᠯᠤᠯᠳᠡ ᠶᠢᠨ ᠡᠳᠦᠷ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠵᠤ᠂ ᠦᠨᠳᠦᠰᠦᠨ ᠱᠠᠲᠤᠨ ᠳᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠳᠠᠷᠢᠵᠤ ᠲᠡᠵᠢᠭᠡᠨ ᠦᠷᠡᠵᠢᠭᠦᠯᠬᠦ᠂ ᠤᠰᠤ ᠠᠷᠪᠢᠯᠠᠵᠤ ᠤᠰᠤᠯᠠᠬᠤ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠶᠡᠬᠡᠪᠡᠷ  ᠤᠬᠠᠭᠤᠯᠤᠨ᠂ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ ᠬᠡᠷᠡᠭᠯᠡᠭᠡᠨ ᠤ ᠮᠡᠷᠭᠡᠵᠢᠯ ᠵᠢᠭᠠᠯᠭᠠᠵᠤ᠂ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠤᠭᠤᠯᠤᠨ᠂ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ ᠦᠢᠯᠡᠴᠢᠯᠡᠭᠡᠨ ᠤ ᠭᠤᠣᠯ ᠴᠣᠭᠴᠠ ᠶᠢᠨ ᠰᠠᠭᠤᠷᠢᠨ ᠭᠠᠵᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯ ᠤᠨ ᠨᠡᠶᠢᠭᠡᠮᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠬᠥᠲᠥᠯᠥᠨ ᠵᠢᠯᠤᠭᠤᠳᠴᠤ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠬᠢᠯᠭᠡᠨ᠂ ᠰᠢᠨ᠎ᠡ ᠪᠠᠷ ᠣᠷᠣᠭᠤᠯᠤᠭᠰᠠᠨ ᠲᠦᠷᠦᠯ ᠵᠦᠢᠯ᠂ ᠰᠢᠨ᠎ᠡ ᠮᠡᠷᠭᠡᠵᠢᠯ ᠪᠠ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ᠎ᠡ᠃      ⒋ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠡᠷᠡᠭᠵᠢᠭᠦᠯᠦᠨ᠎ᠡ ᠃ ᠬᠤᠰᠢᠭᠤᠨ ᠤ ᠭᠤᠣᠯᠯᠠᠬᠤ ᠠᠵᠤ ᠦᠢᠯᠡᠰ ᠲᠤ ᠲᠣᠭᠤᠷᠢᠭᠤᠯᠵᠤ᠂ ᠣᠶᠤᠨᠴᠢ ᠲᠠᠷᠢᠶᠠᠯᠠᠩ᠂ ᠣᠶᠤᠨᠴᠢ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠶᠤᠨ ᠤ ᠦᠢᠯᠡᠴᠢᠯᠡᠭᠡ ᠥᠷᠨᠢᠭᠦᠯᠵᠦ᠂ ᠠᠺᠠᠳᠧᠮᠢᠴᠢ ᠶᠢᠨ ᠦᠢᠯᠡᠴᠢᠯᠡᠭᠡᠨ ᠤ ᠥᠷᠲᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠵᠡᠷᠭᠡ ᠲᠥᠷᠥᠯ ᠵᠦᠢᠯ ᠢ ᠰᠠᠶᠢᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠷᠭᠡᠵᠢᠯᠲᠡᠨ ᠤ ᠪᠦᠯᠬᠦᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷᠠᠴᠣᠳ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠰᠠᠭᠤᠨ ᠯᠠᠪᠯᠠᠯᠭ᠎ᠠ᠂ ᠮᠡᠷᠭᠡᠵᠢᠯ ᠤᠨ ᠰᠢᠨ᠎ᠡ ᠡᠭᠦᠳᠦᠯᠲᠡ ᠳᠠᠬᠢ ᠦᠢᠯᠡᠳᠦᠯ ᠢ ᠰᠠᠶᠢᠨ ᠪᠠᠳᠠᠷᠠᠭᠤᠯᠵᠤ᠂ ᠨᠡᠩ ᠣᠯᠠᠨ ᠮᠠᠯᠴᠢᠨ ᠲᠠᠷᠢᠶᠠᠴᠢᠨ ᠳᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠶᠢᠯᠠᠭᠠᠭᠤᠯᠤᠨ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ᠲᠥᠷᠦᠭᠦᠯᠡᠨ ᠬᠢᠬᠦ ᠪᠠᠶᠢᠭᠤᠯᠭ᠎ᠠ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ      ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪ ᠬᠠᠮᠲᠤ ᠵᠠᠯᠭᠤᠴᠣᠳ ᠤᠨ ᠡᠪᠯᠡᠯ ᠤᠨ ᠬᠤᠰᠢᠭᠤᠨ ᠤ ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ ᠪᠠᠯᠭᠠᠰᠤ᠃      ︵ᠭᠤᠷᠪᠠ︶ ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠷ᠎ᠠ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠰᠡᠯᠡᠩ ᠢᠲᠡᠭᠡᠯ ᠪᠢᠰᠢᠷᠡᠯ ᠲᠠᠢ᠂ ᠮᠡᠷᠭᠡᠵᠢᠯ ᠢ ᠣᠶᠢᠯᠠᠭᠠᠵᠤ ᠰᠢᠨ᠎ᠡ ᠶᠢ ᠡᠭᠦᠳᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠶᠢ ᠡᠷᠬᠢᠮᠯᠡᠳᠡᠭ ᠥᠨᠳᠥᠷ ᠬᠡᠪ ᠪᠣᠯᠪᠠᠰᠤᠷᠠᠯ ᠲᠠᠢ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠢ ᠪᠣᠯᠭᠠᠨ᠎ᠠ᠃      ⒈ ᠬᠦᠰᠡᠯᠡᠩ ᠢᠲᠡᠭᠡᠯ ᠪᠢᠰᠢᠷᠡᠯ ᠤᠨ ᠤᠬᠠᠭᠤᠯᠭ᠎ᠠ ᠬᠥᠮᠦᠵᠢᠯ ᠬᠢᠨ᠎ᠡ᠃ ︽ᠲᠠᠪᠤᠨ ᠰᠠᠷ᠎ᠠ ᠶᠢᠨ ᠨᠢᠭᠡᠨ︾ ᠤ ᠬᠥᠳᠡᠯᠮᠦᠷᠢ ᠶᠢᠨ ᠵᠢᠱᠢᠶᠡᠴᠢ ᠶᠢᠨ ᠱᠠᠩᠨᠠᠯ ᠂ ᠠᠵᠢᠯᠴᠢᠨ ᠤ ᠬᠤᠰᠢᠭᠤᠴᠢ ᠴᠣᠯᠠ ᠬᠦᠷᠲᠡᠭᠰᠡᠳ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠥᠳᠡᠯᠮᠦᠷᠢ ᠢᠷᠠᠭᠤ ᠠᠯᠳᠠᠷᠲᠠᠢ ᠭᠡᠬᠦ ᠨᠡᠶᠢᠭᠡᠮ ᠤᠨ ᠬᠡᠪ ᠰᠤᠷᠲᠠᠯ᠂ ᠨᠢᠮᠪᠠᠢ ᠠᠵᠢᠯᠯᠠᠵᠤ ᠦᠢᠯᠡᠰ ᠢᠶᠠᠨ ᠳᠡᠭᠡᠳᠦᠯᠡᠬᠦ ᠬᠡᠪ ᠰᠤᠷᠲᠠᠯ ᠪᠠ ᠵᠣᠷᠢᠭᠲᠠᠢ ᠪᠠᠷ ᠰᠢᠨ᠎ᠡ ᠶᠢ ᠡᠭᠦᠳᠬᠦ ᠰᠤᠶᠤᠯ ᠤᠨ ᠣᠷᠴᠢᠨ ᠠᠬᠤᠢ ᠶᠢ ᠪᠦᠷᠢᠯᠳᠦᠭᠦᠯᠦᠨ᠎ᠡ᠃      ⒉ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠰᠢᠨ᠎ᠡ ᠶᠢ ᠡᠭᠦᠳᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠳᠤ ᠲᠣᠭᠤᠷᠢᠭᠤᠯᠵᠤ᠂ ᠰᠢᠨ᠎ᠡ ᠶᠢ ᠡᠭᠦᠳᠬᠦ ᠦᠢᠯᠡᠴᠢᠯᠡᠭᠡᠨ ᠤ ᠥᠷᠲᠡᠭᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠶᠢᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠠᠵᠢᠯ ᠮᠡᠷᠭᠡᠵᠢᠯ᠂ ᠣᠯᠠᠨ ᠠᠵᠢᠯ ᠲᠥᠷᠥᠯ ᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠰᠢᠨ᠎ᠡ ᠶᠢ ᠡᠭᠦᠳᠬᠦ ᠤᠷᠤᠯᠳᠤᠭᠠᠨ ᠬᠢᠵᠤ᠂ ᠳᠡᠭᠡᠳᠦ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠶᠢᠨ ᠬᠠᠮᠲᠤ ᠬᠥᠮᠥᠵᠢᠭᠦᠯᠦᠨ᠎ᠡ᠃ ᠰᠢᠨ᠎ᠡ ᠶᠢ ᠡᠭᠦᠳᠬᠦ ᠬᠤᠰᠢᠭᠤᠴᠢ ᠵᠡᠷᠭᠡ ᠬᠤᠰᠢᠭᠤᠴᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠨ ᠢᠶᠠᠷ ᠢᠶᠠᠨ ᠦᠢᠯᠡᠰ ᠪᠣᠰᠬᠠᠬᠤ᠂ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃      ⒊ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠲᠣᠭᠤᠷᠢᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ᠂ ᠬᠤᠲᠠ ᠣᠷᠣᠵᠤ ᠬᠦᠴᠦ ᠶᠠᠪᠤᠭᠰᠠᠳ ᠵᠢᠴᠢ ᠠᠵᠢᠯ ᠠᠯᠳᠠᠭᠰᠠᠳ ᠢᠶᠠᠷ ᠭᠤᠣᠯᠳᠠᠯᠭ᠎ᠠ ᠪᠣᠯᠭᠠᠨ᠂ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠷᠭᠦᠯᠵᠢᠯᠡᠯ ᠰᠤᠷᠭᠠᠨ ᠬᠥᠮᠦᠵᠢᠯ ᠢ ᠥᠷᠨᠢᠭᠦᠯᠵᠦ᠂ ᠪᠣᠬᠢᠷᠲᠤᠯ ᠦᠭᠡᠢ ᠬᠥᠭᠵᠢᠯᠲᠡ᠂ ᠠᠶᠤᠯ ᠦᠭᠡᠢ ᠦᠢᠯᠡᠳᠪᠦᠷᠢᠯᠡᠯ᠂ ᠪᠡᠶ᠎ᠡ ᠰᠡᠳᠬᠢᠴᠡ ᠶᠢᠨ ᠡᠷᠡᠭᠦᠯ ᠴᠢᠬᠢᠷᠠᠭ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠮᠡᠳᠡᠯᠭᠡ ᠪᠠᠷ ᠪᠣᠯᠪᠠᠰᠤᠷᠠᠯ ᠤᠨ ᠢᠶᠠᠨ ᠴᠢᠬᠤᠯᠠ ᠠᠭᠤᠯᠭ᠎ᠠ ᠪᠣᠯᠭᠠᠨ᠂ ᠰᠢᠨᠵᠢᠯᠡᠬᠦ ᠤᠬᠠᠭᠠᠨ ᠢ ᠪᠠᠷᠢᠯᠭ᠎ᠠ ᠶᠢᠨ ᠭᠠᠵᠠᠷ ᠪᠠ ᠦᠢᠯᠡᠳᠪᠦᠷᠢ ᠳᠤ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠨᠡᠶᠢᠳᠡᠮ ᠥᠷᠨᠢᠭᠦᠯᠦᠨ᠎ᠡ᠃ 2025 ᠣᠨ ᠪᠣᠯᠬᠤ ᠳᠤ ᠪᠣᠯᠪᠠᠰᠤᠷᠠᠯ ᠬᠦᠷᠲᠡᠬᠦ ᠬᠦᠰᠡᠯ ᠲᠠᠢ ᠬᠥᠮᠥᠰ ᠲᠤ ᠨᠢᠭᠡ ᠤᠳᠠᠭᠠᠨ ᠤ ᠬᠠᠷᠠᠭᠠᠯᠵᠠᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠬᠤ ᠲᠣᠬᠢᠶᠠᠯ ᠣᠯᠭᠤᠵᠤ ᠥᠭᠭᠦᠨ᠎ᠡ᠃      ⒋ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠪᠠ ︽ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ ᠬᠡᠷᠡᠭᠯᠡᠭᠡ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠠᠵᠢᠯᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠲᠣᠭᠲᠠᠴᠠ ᠶᠢ ᠰᠦᠪᠡᠭᠴᠢᠯᠡᠵᠦ ᠪᠠᠶᠢᠭᠤᠯᠤᠨ᠂ ᠦᠢᠯᠡᠰ ᠪᠣᠰᠬᠠᠬᠤ ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠢ ᠪᠦᠷᠢᠯᠳᠦᠭᠦᠯᠦᠨ᠎ᠡ᠃      ᠲᠥᠷᠦᠭᠦᠯᠡᠨ ᠬᠢᠬᠦ ᠪᠠᠶᠢᠭᠤᠯᠭ᠎ᠠ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠃      ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠰᠢᠭᠤᠨ ᠤ ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠃      ︵ᠳᠥᠷᠪᠡ︶ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠠᠰᠤᠲᠠᠶᠢᠴᠤᠳ ᠤᠨ ᠮᠡᠳᠡᠭᠡ ᠵᠠᠩᠭᠢ ᠶᠢᠨ ᠬᠡᠪ ᠴᠢᠨᠠᠷ ᠪᠠ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠨᠡᠶᠢᠭᠡᠮ ᠤᠨ ᠬᠥᠭᠵᠢᠯᠲᠡ ᠳᠤ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠭᠤ ᠨᠥᠯᠥᠭᠡ ᠪᠦᠬᠦᠢ ᠮᠡᠳᠡᠭᠡ ᠵᠠᠩᠭᠢ ᠶᠢ ᠪᠦᠲᠦᠮᠵᠢᠲᠡᠶ ᠪᠠᠷ ᠢᠯᠭᠠᠨ ᠲᠠᠨᠢᠵᠤ᠂ ᠰᠢᠨ᠎ᠡ ᠬᠡᠷᠡᠭ ᠪᠣᠳᠠᠰ ᠢ ᠬᠦᠯᠢᠶᠡᠨ ᠠᠪᠬᠤ ᠪᠠ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠦᠨ᠂ ᠨᠠᠰᠤᠲᠠᠶᠢᠴᠤᠳ ᠤᠨ ᠬᠦᠷᠲᠡᠭᠡᠮᠵᠢ ᠶᠢᠨ ᠲᠥᠷᠥᠭᠳᠡᠯ᠂ ᠵᠣᠯ  ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠰᠤᠷᠤᠯᠴᠠᠯᠭ᠎ᠠ ᠲᠠᠢ᠂ ᠥᠲᠡᠯᠪᠡᠯ ᠬᠢᠬᠦ ᠠᠵᠢᠯ ᠲᠠᠢ ᠪᠠᠶᠢᠬᠤ ᠶᠢ ᠪᠡᠶᠡᠯᠡᠭᠦᠯᠦᠨ᠎ᠡ᠃      ⒈ ᠣᠶᠤᠨᠴᠢ ᠪᠠᠷ ᠨᠠᠰᠤᠲᠠᠨ ᠢ ᠲᠤᠰᠠᠯᠠᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ ᠪᠠ ᠣᠶᠤᠨᠴᠢ ᠨᠡᠶᠢᠭᠡᠮ ᠲᠠᠢ ᠠᠭᠤᠰᠤᠯᠴᠠᠬᠤ ᠨᠡᠶᠢᠭᠡᠮ ᠤᠨ ᠬᠡᠷᠡᠭᠴᠡᠭᠡ ᠪᠠ ᠬᠦᠴᠢᠷᠳᠡᠯ ᠳᠤ ᠲᠥᠪᠯᠡᠷᠡᠭᠦᠯᠵᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ︾ ᠪᠤᠯᠤᠩ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠵᠢᠯᠯᠠᠭᠠᠨ ᠤ ᠲᠥᠪ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠳᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠣᠶᠤᠨᠴᠢ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠨᠠᠰᠤᠲᠠᠶᠢᠴᠤᠳ ᠤᠨ ᠮᠡᠳᠡᠭᠡ ᠵᠠᠩᠭᠢ ᠣᠯᠬᠤ᠂ ᠢᠯᠭᠠᠨ ᠲᠠᠨᠢᠬᠤ ᠪᠠ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠦᠯᠵᠢᠶᠡᠨ ᠤ ᠴᠤᠤᠷᠬᠠᠯ ᠪᠠ ᠴᠠᠬᠢᠯᠭᠠᠨ ᠬᠤᠯᠪᠣᠭᠠᠨ ᠤ ᠮᠡᠬᠡᠯᠡᠯ ᠢ ᠪᠦᠲᠦᠮᠵᠢᠲᠡᠶ ᠰᠡᠷᠭᠡᠶᠢᠯᠡᠨ ᠠᠷᠭᠠᠴᠠᠭᠠᠵᠤ ᠴᠢᠳᠠᠬᠤ ᠪᠣᠯᠭᠠᠨ᠎ᠠ᠃      ⒉ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠂ ᠭᠡᠷ ᠪᠦᠯᠢ ᠳᠤ ᠲᠦᠭᠡᠮᠡᠯᠵᠢᠭᠦᠯᠦᠨ᠂ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠥᠷᠨᠢᠭᠦᠯᠵᠦ᠂ ᠷᠠᠳᠢᠣ᠋᠂ ᠲᠧᠯᠸᠢᠰ᠂ ᠨᠡᠶᠢᠲᠡ ᠶᠢᠨ ᠳᠠᠪᠴᠠᠩ᠂ ᠸᠢᠴᠠᠲ᠂ ᠴᠤᠤᠷᠢᠶ᠎ᠠ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠢ ᠠᠰᠢᠭᠯᠠᠨ᠂ ᠬᠤᠭᠤᠯᠠ ᠢᠳᠡᠭᠡᠨ ᠢ ᠵᠣᠬᠢᠰᠲᠠᠢ ᠲᠣᠬᠢᠷᠠᠭᠤᠯᠬᠤ᠂ ᠢᠳᠡᠭᠡᠨ ᠤ ᠠᠮᠤᠷ ᠲᠦᠪᠰᠢᠨ᠂ ᠰᠡᠳᠬᠢᠴᠡ ᠶᠢᠨ ᠡᠷᠡᠭᠦᠯ ᠮᠡᠨᠳᠦ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠡᠮ ᠢ ᠵᠣᠬᠢᠰᠲᠠᠢ ᠬᠡᠷᠡᠭᠯᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠲᠥᠪ ᠵᠡᠷᠭᠡ ᠶᠢ ᠭᠦᠢᠴᠡᠳ ᠠᠰᠢᠭᠯᠠᠵᠤ᠂ ᠨᠠᠰᠤᠲᠠᠶᠢᠴᠤᠳ ᠲᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ᠎ᠡ᠃      ⒊ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠲᠥᠯᠥᠪᠯᠡᠭᠡ ᠶᠢ ᠬᠡᠷᠡᠭᠵᠢᠭᠦᠯᠦᠨ᠎ᠡ᠃ ᠮᠠᠨ ᠤ ᠬᠤᠰᠢᠭᠤᠨ ᠤ ᠨᠠᠰᠤᠲᠠᠶᠢᠴᠤᠳ ᠤᠨ ᠬᠥᠮᠥᠨ ᠤ ᠬᠦᠴᠦᠨ ᠤ ᠡᠬᠢ ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠦᠨ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠣᠷᠠᠴᠣᠳ ᠤᠨ ᠡᠩᠨᠡᠭᠡ ᠶᠢ ᠬᠥᠭᠵᠢᠭᠦᠯᠵᠦ ᠪᠤᠵᠠᠭᠠᠶᠢᠷᠠᠭᠤᠯᠤᠨ᠎ᠠ᠃ ᠣᠶᠣᠨᠴᠢ ᠮᠡᠷᠭᠡᠵᠢᠯ ᠤᠨ ᠬᠡᠷᠡᠭᠯᠡᠭᠡᠨ ᠤ ᠰᠠᠭᠤᠷᠢ ᠲᠠᠢ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠠᠬᠠᠮᠠᠳ ᠺᠠᠳ᠋ᠷ ᠲᠤᠰᠢᠶᠠᠯ ᠬᠠᠪᠰᠤᠷᠭᠠᠭᠰᠠᠨ ᠯᠧᠺᠲ᠋ᠣᠷ ᠤᠨ ᠡᠩᠨᠡᠭᠡ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃      ᠲᠥᠷᠦᠭᠦᠯᠡᠨ ᠬᠢᠬᠦ ᠪᠠᠶᠢᠭᠤᠯᠭ᠎ᠠ᠄ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ      ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠶᠠᠪᠤᠳᠠᠯ ᠤᠨ ᠲᠥᠪ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠃      ︵ᠲᠠᠪᠤ︶ ᠤᠳᠤᠷᠢᠳᠬᠤ ᠺᠠᠳ᠋ᠷ ᠪᠠ ᠠᠯᠪᠠᠲᠠᠨ ᠤ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠳᠤᠷᠢᠳᠬᠤ ᠺᠠᠳ᠋ᠷ ᠪᠣᠯᠣᠨ ᠠᠯᠪᠠᠲᠠᠨ ᠤ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠰᠢᠭᠤ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠦᠲᠦᠭᠡᠨ ᠪᠠᠶᠢᠭᠤᠯᠤᠯᠲᠠ ᠳᠠᠬᠢ ᠴᠢᠬᠤᠯᠠ ᠦᠢᠯᠡᠳᠦᠯ ᠤᠨ ᠣᠶᠢᠯᠠᠭᠠᠯᠲᠠ ᠶᠢ ᠤᠯᠠᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ ᠣᠶᠢᠯᠠᠭᠠᠭᠳᠠᠬᠤᠨ ᠢ ᠪᠣᠶ ᠪᠣᠯᠭᠠᠵᠤ᠂ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠢᠩᠭᠠᠳᠬᠠᠨ᠂ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠲᠦᠮᠵᠢᠲᠡᠢ ᠦᠢᠯᠡᠴᠢᠯᠡᠭᠦᠯᠦᠨ᠎ᠡ᠃      ⒈ᠰᠢᠨ᠎ᠡ ᠬᠥᠭᠵᠢᠯᠲᠡ ᠶᠢᠨ ᠦᠢᠯᠠᠭᠠᠭᠲᠠᠬᠤᠨ ᠢ ᠭᠦᠨᠵᠡᠭᠡᠢ ᠲᠣᠭᠤᠰᠢᠯᠭᠤᠯᠣᠨ᠎ᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡ ᠪᠣᠯᠭᠠᠨ ᠬᠤᠪᠢᠷᠠᠭᠤᠯᠬᠤ ᠭᠠᠷᠳᠠᠴᠠ ᠴᠡᠭ᠂ ᠤᠶᠠᠯᠳᠤᠯ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠭᠠᠷᠭᠠᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠪᠠ ᠪᠥᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠶᠢᠨ ᠲᠤᠬᠠᠢ ᠰᠤᠷᠤᠯᠴᠠᠯᠭ᠎ᠠ ᠶᠢ ᠴᠢᠩᠭᠠᠳᠬᠠᠨ᠂ ᠤᠳᠤᠷᠢᠳᠬᠤ ᠺᠠᠳ᠋ᠷ ᠪᠣᠯᠣᠨ ᠠᠯᠪᠠᠲᠠᠨ ᠤ ᠰᠢᠨ᠎ᠡ ᠶᠢ ᠡᠭᠦᠳᠬᠦ ᠣᠶᠢᠯᠠᠭᠠᠭᠳᠠᠬᠤᠨ ᠪᠣᠯᠣᠨ ᠰᠡᠳᠬᠢᠬᠦᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠬᠥᠮᠥᠵᠢᠯ ᠢ ᠳᠣᠪᠣᠶᠢᠯᠭᠠᠨ᠂ ᠰᠢᠨᠵᠢᠯᠡᠬᠦ ᠤᠬᠠᠭᠠᠨ ᠤ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠬᠦ ᠴᠢᠳᠠᠪᠤᠷᠢ ᠶᠢ ᠴᠢᠩᠭᠠᠳᠬᠠᠨ᠎ᠠ᠃ ᠤᠳᠤᠷᠢᠳᠬᠤ ᠺᠠᠳ᠋ᠷ ᠪᠣᠯᠣᠨ ᠠᠯᠪᠠᠲᠠᠨ ᠤ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠤᠨ ᠲᠤᠬᠠᠢ ᠣᠶᠢᠯᠠᠭᠠᠯᠲᠠ ᠶᠢ ᠴᠢᠩᠭᠠᠳᠬᠠᠨ᠎ᠠ᠃      ⒉ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠤᠷᠭᠠᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ︽ᠺᠠᠳ᠋ᠷ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠤᠨ ᠳᠦᠷᠢᠮ︾ ᠢ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠣᠨ᠂ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠤᠷᠭᠠᠨ ᠬᠥᠮᠦᠵᠢᠯ ᠢ ᠤᠳᠤᠷᠢᠳᠬᠤ ᠺᠠᠳ᠋ᠷᠴᠤᠳ ᠤᠨ ᠳᠤᠮᠳᠠ ᠣᠬᠤᠷ ᠬᠤᠭᠤᠴᠠᠭᠠᠨ ᠤ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠵᠣ᠂ ᠤᠳᠤᠷᠢᠳᠬᠤ ᠺᠠᠳ᠋ᠷ ᠪᠣᠯᠣᠨ ᠠᠯᠪᠠᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ᠂ ᠠᠵᠢᠯ ᠦᠢᠯᠡᠰ ᠤᠨ ᠨᠢᠭᠡᠴᠢ᠂ ᠦᠢᠯᠡᠳᠪᠦᠷᠢ ᠠᠭᠤᠷᠬᠠᠢ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠳᠡ ᠬᠢᠵᠦ ᠰᠣᠷᠣᠯᠴᠠᠬᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠳᠤ ᠲᠦᠷᠦᠭᠦᠯᠡᠨ ᠣᠷᠣᠯᠴᠠᠬᠤ᠂ ᠬᠠᠨᠳᠤᠯᠭᠠᠲᠤ ᠴᠢᠨᠠᠷ ᠲᠠᠢ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠦᠯᠦᠯᠲᠡ ᠪᠠ ᠲᠤᠰᠬᠠᠢ ᠲᠠᠶᠢᠯᠤᠮᠵᠢ ᠬᠢᠬᠦ ᠶᠢ ᠵᠣᠷᠢᠭᠵᠢᠭᠤᠯᠤᠨ᠎ᠠ᠃      ⒊ᠠᠯᠪᠠᠲᠠᠨ ᠢ ᠡᠯᠰᠡᠨ ᠬᠡᠷᠡᠭᠯᠡᠬᠦ ᠳᠤ ᠰᠢᠨᠵᠢᠯᠡᠬᠦ ᠤᠬᠠᠭᠠᠨ ᠤ ᠬᠡᠪ ᠴᠢᠨᠠᠷ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠲᠤᠰᠢᠶᠠᠯ ᠳᠤ ᠳᠡᠪᠰᠢᠭᠦᠯᠬᠦ ᠤᠳᠤᠷᠢᠳᠬᠤ ᠺᠠᠳ᠋ᠷ᠂ ᠰᠢᠨ᠎ᠡ ᠪᠠᠷ ᠡᠯᠰᠡᠭᠰᠡᠨ ᠠᠯᠪᠠᠲᠠᠨ ᠤ ᠠᠵᠢᠯ ᠳᠤ ᠣᠷᠣᠭᠰᠠᠨ ᠤ ᠳᠠᠷᠠᠭᠠᠬᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠷᠠᠯ ᠢ ᠳᠡᠯᠭᠡᠷᠡᠩᠭᠦᠢ ᠥᠷᠨᠢᠭᠦᠯᠵᠦ᠂ ᠺᠠᠳ᠋ᠷ ᠠᠵᠢᠯᠲᠠᠨ ᠢ ᠳᠠᠶᠢᠴᠢᠯᠠᠵᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠮᠡᠳᠡᠯᠭᠡ ᠶᠢᠨ ᠮᠥᠷᠥᠶᠢᠴᠡᠭᠡᠨ ᠳᠤ ᠢᠳᠡᠪᠬᠢᠲᠡᠢ ᠣᠷᠣᠯᠴᠠᠭᠤᠯᠤᠨ᠂ ᠰᠦᠯᠵᠢᠶᠡᠨ ᠳᠡᠭᠡᠷᠡᠬᠢ ᠪᠣᠯᠪᠠᠰᠤᠷᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠪᠠ ᠮᠡᠳᠡᠭᠦᠯᠦᠯᠲᠡ ᠵᠡᠷᠭᠡ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠭᠤᠷᠬᠢ ᠶᠢ ᠤᠶᠠᠯᠳᠤᠭᠤᠯᠬᠤ ᠠᠷᠭ᠎ᠠ ᠪᠠᠷ ᠤᠳᠤᠷᠢᠳᠬᠤ ᠺᠠᠳ᠋ᠷᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠷᠠᠯ ᠬᠢᠵᠤ᠂ ᠤᠳᠤᠷᠢᠳᠬᠤ ᠺᠠᠳ᠋ᠷᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠲᠥᠷᠦᠭᠦᠯᠡᠨ ᠬᠢᠬᠦ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ      ᠬᠠᠷᠢᠭᠤᠴᠠᠯᠭᠠᠲᠤ ᠪᠠᠶᠢᠭᠤᠯᠭ᠎ᠠ᠄ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠃      ᠳᠥᠷᠪᠡ᠂ ᠭᠤᠣᠯᠳᠠᠯᠭ᠎ᠠ ᠲᠠᠢ ᠪᠠᠶᠢᠭᠤᠯᠤᠯᠲᠠ      ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠷᠦᠯᠴᠡᠬᠦ ᠦᠭᠡᠢ ᠲᠠᠯ᠎ᠠ ᠶᠢ ᠳᠡᠭᠡᠭᠰᠢᠯᠡᠭᠦᠯᠬᠦ ᠳᠤ ᠬᠦᠴᠦᠯᠡᠨ᠂ ᠭᠤᠣᠯ ᠴᠣᠭᠴᠠ ᠨᠢ ᠤᠯᠠᠨ ᠡᠰᠢ ᠲᠠᠢ᠂ ᠠᠷᠭ᠎ᠠ ᠪᠠᠷᠢᠯ ᠨᠢ ᠤᠯᠠᠨ ᠶᠠᠩᠵᠤ ᠲᠠᠢ᠂ ᠬᠠᠩᠭᠠᠯᠭ᠎ᠠ ᠨᠢ ᠴᠢᠨᠠᠷ ᠰᠠᠶᠢᠲᠠᠢ᠂ ᠲᠣᠭᠲᠠᠴᠠ ᠨᠢ ᠪᠦᠲᠦᠮᠵᠢᠲᠡᠢ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 4 ᠵᠦᠢᠯ ᠤᠨ ᠭᠤᠣᠯᠳᠠᠯᠭ᠎ᠠ ᠲᠠᠢ ᠪᠠᠶᠢᠭᠤᠯᠤᠯᠲᠠ ᠶᠢ ᠴᠢᠩᠭᠠᠳᠬᠠᠨ᠎ᠠ᠃      ︵ᠨᠢᠭᠡ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ ᠪᠠ ᠰᠤᠳᠤᠨᠴᠢᠯᠠᠬᠤ ᠪᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠬᠤ ᠶᠢᠨ ᠳᠠᠭᠠᠤ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃      ⒈ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠠᠷᠠᠲᠤ ᠲᠡᠮᠳᠡᠭ ᠢ ᠡᠭᠦᠳᠦᠨ᠎ᠡ᠃ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ︾᠂ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠳᠤ ᠤᠯᠤᠰ︾ ᠤᠨ ᠨᠠᠷᠠᠲᠤ ᠲᠡᠮᠳᠡᠭ ᠤᠨ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠪᠠᠶᠢᠭᠤᠯᠭ᠎ᠠ ᠨᠢᠭᠡᠴᠢ ᠠᠵᠢᠯ ᠤᠨ ᠣᠨᠴᠠᠯᠢᠭ ᠪᠠ ᠭᠤᠣᠯ ᠰᠡᠳᠦᠪᠲᠦ ᠠᠵᠢᠯᠯᠠᠭ᠎ᠠ ᠲᠠᠢ ᠪᠠᠨ ᠤᠶᠠᠯᠳᠤᠭᠤᠯᠵᠤ᠂ ᠲᠦᠷᠦᠯ ᠵᠦᠢᠯ ᠢᠶᠠᠷ ᠪᠠᠶᠠᠯᠢᠭ᠂ ᠭᠦᠨᠵᠡᠭᠡᠢ ᠤᠳᠬ᠎ᠠ ᠠᠭᠤᠯᠭ᠎ᠠ ᠨᠥᠯᠥᠭᠡ ᠲᠠᠢ ᠣᠨᠴᠠᠯᠢᠭᠲᠤ ᠨᠠᠷᠠᠲᠤ ᠲᠡᠮᠳᠡᠭ ᠢ ᠲᠥᠭᠡᠮᠡᠯᠵᠢᠭᠦᠯᠬᠦ ᠠᠵᠢᠯᠯᠠᠭ᠎ᠠ ᠥᠷᠨᠢᠭᠦᠯᠦᠨ᠂ ᠨᠠᠷᠠᠲᠤ ᠲᠡᠮᠳᠡᠭ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠨᠡᠶᠢᠭᠡᠮ ᠤᠨ ᠨᠥᠯᠥᠭᠡᠯᠡᠬᠦ ᠬᠦᠴᠦᠨ ᠢ ᠴᠢᠩᠭᠠᠳᠬᠠᠨ᠎ᠠ᠃      ⒉ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠲᠤᠰᠬᠠᠢ ᠮᠡᠷᠭᠡᠵᠢᠯᠲᠡᠳ ᠤᠨ ᠲᠤᠰᠬᠠᠢ ᠮᠡᠷᠭᠡᠵᠢᠯ ᠢᠶᠠᠷ ᠢᠶᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠶᠢ ᠵᠣᠷᠢᠭᠵᠢᠭᠤᠯᠤᠨ᠎ᠠ᠃ ︽ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ + ᠵᠢᠭᠤᠯᠴᠢᠯᠠᠯ︾ ᠤᠨ ᠵᠠᠭᠪᠤᠷ ᠢ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ᠂ ᠭᠠᠵᠠᠷ ᠰᠢᠨᠵᠢᠯᠡᠭᠡᠨ ᠤ ᠮᠥᠽᠸᠢ ᠵᠡᠷᠭᠡ ᠶᠢᠨ ᠲᠥᠯᠥᠪᠦᠷᠢ ᠦᠭᠡᠢ ᠪᠠᠷ ᠦᠢᠯᠡᠴᠢᠯᠡᠬᠦ ᠡᠷᠴᠢᠮ ᠢ ᠴᠢᠩᠭᠠᠷᠠᠭᠤᠯᠤᠨ᠎ᠠ᠃      ⒊ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠠᠵᠢᠯᠲᠠᠨ ᠤ ᠦᠢᠯᠡ ᠠᠵᠢᠯᠯᠠᠭ᠎ᠠ ᠶᠢ ᠤᠬᠠᠭᠤᠯᠤᠨ᠂ ᠰᠢᠨᠵᠢᠯᠡᠬᠦ ᠤᠬᠠᠭᠠᠨ ᠤ ᠦᠢᠯᠡᠳᠦᠯᠭᠡ ᠪᠠ ᠦᠷ᠎ᠡ ᠪᠦᠲᠦᠭᠡᠯ ᠲᠤᠷᠰᠢᠯᠭ᠎ᠠ ᠶᠢ ᠤᠯᠠᠮᠵᠢᠯᠠᠨ ᠳᠡᠯᠭᠡᠷᠡᠭᠦᠯᠵᠦ᠂ ᠪᠦᠬᠦ ᠠᠷᠠᠳ ᠤᠨ ᠰᠢᠨ᠎ᠡ ᠶᠢ ᠡᠭᠦᠳᠬᠦ ᠣᠷᠭᠢᠯᠤᠮ᠎ᠠ ᠰᠡᠳᠬᠢᠯᠭᠡ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠷᠭᠡᠨ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠨᠡᠶᠢᠭᠡᠮ ᠤᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠪᠡᠶ᠎ᠡ ᠪᠠᠨ ᠳᠠᠭᠠᠭᠠᠵᠤ ᠬᠦᠴᠦᠷᠬᠡᠭᠵᠢᠨ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠰᠢᠨᠵᠢᠯᠡᠬᠦ ᠤᠬᠠᠭᠠᠨᠲᠠᠳ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠳᠠᠭᠤᠷᠢᠶᠠᠯ ᠪᠣᠯᠬᠤ ᠶᠢ ᠬᠥᠲᠥᠯᠥᠨ ᠵᠢᠯᠣᠭᠤᠳᠤᠨ᠎ᠠ᠃ ᠤᠬᠠᠭᠤᠯᠭ᠎ᠠ ᠬᠥᠮᠦᠵᠢᠯ ᠪᠠ ᠴᠢᠳᠠᠪᠤᠷᠢ ᠶᠢᠨ ᠪᠣᠯᠪᠠᠰᠤᠷᠠᠯ ᠬᠢᠬᠦ᠂ ᠵᠢᠱᠢᠶ᠎ᠡ ᠳᠠᠭᠤᠷᠢᠶᠠᠯ ᠦᠵᠡᠭᠦᠯᠬᠦ ᠪᠠᠷ ᠳᠠᠮᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠨᠡᠶᠢᠭᠡᠮ ᠤᠨ ᠬᠠᠯᠠᠮᠰᠢᠯ ᠲᠥᠪᠯᠡᠷᠡᠯ ᠤᠨ ᠠᠰᠠᠭᠤᠳᠠᠯ ᠳᠤ ᠬᠠᠨᠳᠤᠭᠤᠯᠤᠨ᠂ ᠰᠠᠨᠠᠭᠠᠴᠢᠯᠠᠭ᠎ᠠ ᠠᠴᠠ ᠪᠠᠨ ᠴᠠᠭ ᠳᠠᠷᠤᠢ ᠲᠤᠨᠢ ᠵᠥᠪ ᠣᠨᠣᠪᠴᠢᠲᠠᠶ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠥᠯᠥᠭᠡᠯᠡᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃      ︵ᠬᠤᠶᠠᠷ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠰᠠᠶᠢᠲᠠᠢ ᠡᠬᠢ ᠪᠠᠶᠠᠯᠢᠭ ᠢ ᠳᠡᠯᠭᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠡᠳᠡᠭᠡ ᠵᠠᠩᠭᠢᠴᠢᠯᠠᠭᠰᠠᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ⒈ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢᠨ ᠳᠠᠮᠵᠢᠭᠤᠯᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ︾ ᠶᠢᠨ ᠰᠡᠳᠬᠢᠬᠦᠢ ᠪᠠᠷ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠳᠠᠮᠵᠢᠭᠤᠯᠭ᠎ᠠ ᠶᠢᠨ ᠬᠡᠯᠪᠡᠷᠢ ᠶᠢ ᠰᠢᠨᠡᠴᠢᠯᠡᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠮᠡᠳᠡᠭᠡ ᠵᠠᠩᠭᠢ ᠶᠢ ᠷᠠᠳᠢᠣ᠋ ᠲᠧᠯᠸᠢᠰ ᠨᠡᠪᠲᠡᠷᠡᠭᠦᠯᠭᠡ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢᠶᠠᠷ ᠥᠷᠭᠡᠨ ᠢᠶᠠᠷ ᠤᠯᠠᠮᠵᠢᠯᠠᠬᠤ ᠶᠢ ᠠᠬᠢᠭᠤᠯᠵᠤ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠲᠤᠭ︾ ᠸᠢᠴᠠᠲ᠂  ᠨᠡᠶᠢᠲᠡ ᠶᠢᠨ ᠳᠠᠪᠴᠡᠩ ᠵᠡᠷᠭᠡ ᠪᠠ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠤᠨ ᠴᠢᠨᠠᠷ ᠰᠠᠶᠢᠲᠠᠢ ᠡᠬᠢ ᠪᠠᠶᠠᠯᠢᠭ ᠢ ᠠᠭᠤᠰᠤᠯᠴᠠᠭᠤᠯᠤᠭᠰᠠᠨ ᠲᠥᠪᠯᠡᠷᠡᠩᠭᠦᠢ ᠮᠠᠶ᠋ᠢᠭ ᠤᠨ ᠳᠠᠮᠵᠢᠭᠤᠯᠭ᠎ᠠ ᠶᠢᠨ ᠲᠠᠪᠴᠠᠩ ᠢ ᠪᠣᠢ ᠪᠣᠯᠭᠠᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠠᠰᠢᠭᠯᠠᠬᠤ ᠶᠢ ᠠᠬᠢᠭᠤᠯᠵᠤ᠂ ᠨᠡᠭᠦᠳᠡᠯ ᠦᠵᠦᠭᠦᠷ ᠳᠠᠪᠴᠠᠩ ᠢᠶᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠳᠠᠮᠵᠢᠭᠤᠯᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠳᠠᠮᠵᠢᠭᠤᠯᠬᠤ ᠣᠨᠣᠪᠴᠢᠲᠠᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠳᠠᠮᠵᠢᠭᠤᠯᠬᠤ ᠬᠠᠮᠵᠢᠯᠴᠠᠭ᠎ᠠ ᠪᠠᠨ ᠴᠢᠩᠭᠠᠳᠬᠠᠬᠤ ᠶᠢ ᠬᠥᠲᠥᠯᠥᠨ ᠵᠢᠯᠦᠭᠤᠳᠴᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ e ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠬᠠᠮᠤᠭ ᠰᠡᠭᠦᠯᠴᠢ ᠶᠢᠨ ᠨᠢᠭᠡ ᠺᠢᠯᠣᠮᠧᠲᠷ ᠢ ᠨᠡᠪᠲᠡᠷᠡᠭᠦᠯᠦᠨ᠎ᠡ᠃      ⒉ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢ ᠶᠢᠨ ᠣᠶᠤᠨᠴᠢ ᠳᠠᠮᠵᠢᠭᠤᠯᠭ᠎ᠠ ᠶᠢᠨ ᠲᠥᠯᠥᠪᠯᠡᠭᠡ ᠶᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠡᠷᠬᠡ᠂ ᠣᠲᠤᠭ ᠤᠨ ᠠᠪᠤᠷᠭᠤ ᠭᠦᠷᠪᠡᠯ ᠤᠨ ᠤᠯᠠ ᠮᠥᠷ ᠤᠨ ᠴᠢᠯᠠᠭᠤᠵᠢᠮᠠᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠷᠠᠭᠤᠨ ᠣᠷᠳᠣᠰ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠣᠭᠤᠷᠢᠮ ᠤᠨ ᠬᠤᠪᠢᠰᠬᠯᠠᠲᠤ ᠬᠥᠮᠦᠵᠢᠯ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠵᠢᠯ ᠤᠨ ᠵᠠᠭᠪᠤᠷ ᠢ ᠰᠢᠨᠡᠴᠢᠯᠡᠨ᠂ ᠦᠢᠯᠡᠳᠦᠯᠭᠡ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠣᠨᠣᠯ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ᠂ ᠰᠠᠶᠢᠨ ᠳᠤᠷ᠎ᠠ ᠶᠢᠨ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠰᠦᠯᠵᠢᠶ᠎ᠡ ᠳᠡᠭᠡᠷᠡᠬᠢ ᠪᠠ ᠰᠦᠯᠵᠢᠶᠡᠨ ᠤ ᠭᠠᠳᠠᠭᠤᠷᠬᠢ᠂ ᠣᠯᠠᠨ ᠴᠢᠳᠠᠪᠤᠷᠢ ᠶᠢ ᠴᠤᠭᠴᠠᠵᠢᠭᠤᠯᠣᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠳᠠᠪᠴᠡᠩ ᠢ ᠪᠣᠢ ᠪᠣᠯᠭᠠᠬᠤ ᠪᠠᠷ ᠴᠢᠷᠮᠠᠶᠢᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠬᠤᠰᠢᠭᠤ ᠳᠥᠷᠪᠡᠨ ᠱᠠᠲᠤᠨ ᠤ ᠲᠤᠰᠬᠠᠢ ᠮᠡᠷᠭᠡᠵᠢᠯᠲᠡᠳ ᠢ ᠣᠷᠢᠨ ᠬᠢᠴᠢᠶᠡᠯ ᠣᠷᠣᠭᠤᠯᠵᠣ᠂ ᠦᠨᠳᠦᠰᠦᠨ ᠱᠠᠲᠤᠨ ᠤ ᠣᠯᠠᠨ ᠲᠦᠮᠡᠨ ᠤ ᠰᠤᠷᠤᠯᠴᠠᠯᠭ᠎ᠠ ᠪᠣᠯᠪᠠᠰᠤᠷᠠᠯ᠂ ᠦᠢᠯᠡᠳᠪᠦᠷᠢᠯᠡᠯ ᠠᠮᠢᠳᠤᠷᠠᠯ ᠵᠡᠷᠭᠡ ᠲᠠᠯ᠎ᠠ ᠪᠠᠷ ᠬᠢ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠬᠠᠩᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠴᠠᠭ ᠬᠤᠭᠤᠴᠠᠭᠠᠲᠤ ᠴᠢᠨᠠᠷ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃      ︵ᠭᠤᠷᠪᠠ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠪᠡᠯᠡ ᠣᠷᠣᠭᠤᠯᠵᠣ ᠪᠠᠶᠢᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠦᠬᠦᠭᠡᠷᠣᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠡᠶᠢᠭᠡᠮ ᠤᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠮᠵᠢ ᠶᠢ ᠨᠡᠮᠡᠭᠳᠡᠭᠦᠯᠦᠨ᠎ᠡ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠳᠡᠯᠭᠡᠨ ᠦᠵᠡᠭᠦᠯᠵᠦ ᠬᠥᠮᠥᠵᠢᠭᠦᠯᠬᠦ  ᠴᠢᠳᠠᠮᠵᠢ ᠲᠠᠢ ᠲᠠᠯᠠᠪᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠢ ᠴᠢᠯᠦᠭᠡᠲᠡᠢ ᠪᠠᠷ ᠬᠠᠮᠲᠤ ᠪᠠᠷ ᠠᠰᠢᠭᠯᠠᠬᠤ ᠶᠢ ᠠᠬᠢᠭᠤᠯᠵᠤ᠂ ᠥᠪᠡᠷᠮᠢᠴᠡ ᠣᠨᠴᠠᠯᠢᠭ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠯᠠᠪᠤᠷ ᠪᠠᠶᠢᠭᠤᠯᠬᠤ ᠶᠢ ᠳᠠᠮᠵᠢᠨ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ ᠂ ᠰᠣᠶᠣᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠣᠷᠣᠯᠴᠠᠬᠤ ᠠᠷᠭ᠎ᠠ ᠵᠠᠮ ᠢ ᠥᠷᠭᠡᠳᠬᠡᠨ᠎ᠡ᠃      ⒈ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠬᠦᠭᠡᠷᠦᠮᠵᠢ ᠶᠢᠨ ᠲᠥᠯᠦᠪᠵᠢᠭᠦᠯᠭᠡ ᠬᠢᠭᠡᠳ ᠵᠢᠯᠣᠭᠤᠳᠤᠯᠭ᠎ᠠ ᠶᠢ ᠴᠢᠩᠭᠠᠳᠬᠠᠨ᠎ᠠ᠃ ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠡᠷᠭᠡ ᠶᠢ ᠨᠢᠭᠡᠳᠦᠯᠲᠡᠢ ᠲᠥᠯᠥᠪᠯᠡᠵᠦ᠂ ᠪᠦᠷᠬᠦᠴᠡ ᠶᠢᠨ ᠨᠤᠷᠮ᠎ᠠ ᠪᠠ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠤᠨ ᠲᠥᠬᠦᠭᠡᠷᠦᠮᠵᠢ ᠶᠢ ᠵᠠᠷᠤᠳᠠᠯ ᠬᠤᠷᠢᠶᠠᠬᠤ ᠦᠭᠡᠢ ᠪᠠᠷ ᠬᠡᠷᠡᠭᠯᠡᠭᠦᠯᠬᠦ ᠶᠢ ᠠᠬᠢᠭᠤᠯᠤᠨ᠎ᠠ᠃ ᠨᠥᠬᠦᠴᠡᠯ ᠲᠠᠢ ᠰᠤᠮᠤ ᠪᠠᠯᠭᠠᠰᠤ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃      ⒉ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠤᠢ ᠰᠢᠭᠤᠢ᠂ ᠭᠠᠵᠠᠷ ᠬᠥᠳᠡᠯᠦᠯᠲᠡ᠂ ᠴᠠᠭ ᠠᠭᠤᠷ ᠵᠡᠷᠭᠡ ᠠᠳᠠᠯᠢ ᠪᠤᠰᠤ ᠴᠢᠳᠠᠮᠵᠢ ᠲᠠᠢ ᠠᠵᠢᠯ ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠡᠷᠭᠢᠯᠲᠡ ᠶᠢᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠨᠢᠭᠡ ᠪᠦᠯᠦᠭ ᠡᠷᠭᠢᠯᠲᠡ ᠬᠠᠮᠢᠶᠠᠷᠤᠯᠲᠠ ᠨᠢ ᠵᠢᠷᠤᠮᠵᠢᠯ ᠲᠠᠢ᠂ ᠵᠣᠬᠢᠬᠤ ᠬᠡᠪᠴᠢᠶᠡᠵᠢᠯ ᠲᠠᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠰᠡᠨ ᠪᠦᠲᠦᠮᠵᠢ ᠪᠠᠷ ᠲᠣᠪᠣᠶᠢᠮ᠎ᠠ᠂ ᠨᠡᠯᠢᠶᠡᠳ ᠴᠢᠩᠭ᠎ᠠ ᠣᠷᠣᠨ ᠲᠣᠭᠤᠷᠢᠭ ᠤᠨ ᠵᠢᠱᠢᠶ᠎ᠡ ᠦᠵᠡᠭᠦᠯᠬᠦ ᠦᠢᠯᠡᠳᠦᠯ ᠪᠠ ᠬᠥᠭᠵᠢᠯᠲᠡ ᠶᠢᠨ ᠨᠢᠭᠤᠭᠳᠠᠮᠠᠯ ᠬᠦᠴᠦᠨ ᠲᠠᠢ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ + ᠵᠢᠭᠤᠯᠴᠢᠯᠠᠯ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠪᠣᠢ ᠪᠣᠯᠭᠠᠨ ᠳᠡᠮᠵᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠬᠢᠨᠠᠨ ᠲᠣᠭᠲᠠᠭᠠᠵᠤ ᠨᠡᠷᠡᠶᠢᠳᠬᠦ ᠪᠠ ᠬᠥᠳᠡᠯᠦᠩᠭᠦᠢ ᠪᠠᠷ ᠬᠠᠮᠢᠶᠠᠷᠬᠤ ᠪᠠᠨ ᠴᠢᠩᠭᠠᠳᠬᠠᠨ᠎ᠠ᠃      ⒊ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠦᠢᠯᠡᠳᠪᠦᠷᠢ ᠠᠭᠤᠷᠬᠠᠢ᠂ ᠨᠡᠶᠢᠭᠡᠮ ᠲᠣᠭᠤᠷᠢᠭ ᠤᠨ ᠰᠤᠷᠭᠠᠭᠤᠯᠢ ᠶᠢᠨ ᠣᠳᠣᠬᠢ ᠡᠬᠢ ᠪᠠᠶᠠᠯᠢᠭ ᠲᠤ ᠲᠦᠰᠢᠭᠯᠡᠨ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ᠂ ᠪᠣᠯᠪᠠᠰᠤᠷᠠᠯ᠂ ᠦᠵᠡᠭᠦᠯᠭᠡ ᠵᠡᠷᠭᠡ ᠣᠯᠠᠨ ᠴᠢᠳᠠᠮᠵᠢ ᠲᠠᠢ᠂ ᠥᠪᠡᠷᠮᠢᠴᠡ ᠣᠨᠴᠠᠯᠢᠭ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭᠠᠨ ᠤ ᠲᠠᠯᠠᠪᠤᠷ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠬᠦᠭᠡᠷᠣᠮᠵᠢ ᠪᠠᠶᠢᠭᠤᠯᠤᠨ᠎ᠠ᠃ ᠮᠠᠰᠢᠨ ᠲᠡᠷᠭᠡᠨ ᠤ ᠥᠷᠲᠡᠭᠡ᠂ ᠴᠡᠴᠡᠷᠯᠢᠭ᠂ ᠳᠡᠯᠭᠡᠭᠦᠷ᠂ ᠨᠣᠮ ᠤᠨ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠺᠢᠨᠣ᠋ ᠵᠦᠴᠦᠭᠡ ᠶᠢᠨ ᠲᠢᠶᠠᠲᠷ᠂ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠮᠵᠢ ᠪᠠᠨ ᠴᠢᠩᠭᠠᠳᠬᠠᠬᠤ ᠶᠢ ᠬᠥᠲᠥᠯᠥᠨ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ᠂ ᠰᠣᠶᠣᠯ ᠤᠨ ᠠᠵᠢᠯᠯᠠᠭᠠᠨ ᠤ ᠲᠥᠪ᠂ ᠮᠦᠽᠧᠢ᠂ ᠨᠣᠮ ᠤᠨ ᠰᠠᠩ ᠵᠡᠷᠭᠡ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠲᠠᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠ ᠤᠬᠠᠭᠤᠯᠭ᠎ᠠ ᠶᠢᠨ ᠰᠠᠭᠤᠷᠢᠨ ᠭᠠᠵᠠᠷ ᠢ ᠲᠠᠰᠤᠷᠠᠯᠲᠠ ᠦᠭᠡᠢ ᠥᠷᠭᠡᠳᠬᠡᠨ ᠰᠠᠶᠢᠵᠢᠷᠠᠭᠤᠯᠤᠨ᠎ᠠ᠃      ︵ᠳᠥᠷᠪᠡ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠪᠦᠯᠦᠭ ᠥᠨᠳᠥᠷ ᠲᠦᠪᠰᠢᠨ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠢ ᠬᠥᠮᠥᠵᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠲᠤᠰᠢᠶᠠᠯᠲᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ ᠪᠠᠬᠢᠵᠢᠭᠦᠯᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠢᠶᠠᠯ ᠬᠠᠪᠰᠤᠷᠭᠠᠭᠰᠠᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠣᠷᠠᠴᠣᠳ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠦᠢᠯᠡᠳᠪᠦᠷᠢ ᠠᠭᠤᠷᠬᠠᠢ᠂ ᠰᠤᠷᠭᠠᠭᠤᠯᠢ᠂ ᠨᠡᠶᠢᠭᠡᠮ ᠲᠣᠭᠤᠷᠢᠭ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠢ ᠶᠡᠬᠡᠪᠡᠷ ᠬᠥᠮᠥᠵᠢᠭᠦᠯᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠢ ᠵᠢᠷᠤᠮᠵᠢᠭᠤᠯᠤᠨ ᠬᠥᠮᠥᠵᠢᠭᠦᠯᠬᠦ ᠪᠠ ᠮᠡᠳᠡᠯᠭᠡ ᠶᠢ ᠰᠢᠨᠡᠴᠢᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢᠲᠠᠨ ᠤ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃      ⒈ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠢ ᠮᠡᠷᠭᠡᠵᠢᠯᠲᠡᠨ ᠤ ᠪᠦᠯᠬᠦᠮ ᠤᠨ ᠪᠣᠯᠪᠠᠰᠤᠷᠠᠯ ᠤᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠪᠦᠯᠬᠦᠮ ᠤᠨ ᠪᠦᠷᠢᠯᠳᠦᠭᠦᠨ ᠢ ᠬᠥᠮᠥᠵᠢᠭᠦᠯᠬᠦ ᠪᠠ ᠦᠷᠭᠦᠯᠵᠢᠯᠡᠨ ᠬᠥᠮᠥᠵᠢᠭᠦᠯᠬᠦ ᠶᠢ ᠴᠢᠩᠭᠠᠳᠬᠠᠨ᠂ ᠠᠵᠢᠯ ᠤᠨ ᠪᠠᠶᠢᠷᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠮᠡᠷᠭᠡᠵᠢᠯᠲᠡᠨ ᠤ ᠪᠦᠯᠬᠦᠮ ᠤᠨ ᠪᠦᠷᠢᠯᠳᠦᠭᠦᠨ ᠤ ᠰᠢᠨᠵᠢᠯᠡᠬᠦ ᠤᠬᠠᠭᠠᠨ ᠤ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯᠲᠡᠨ ᠤ ᠪᠦᠯᠬᠦᠮ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠲᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠨᠡᠯᠢᠶᠡᠳ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠠᠵᠢᠯᠲᠠᠨ᠂ ᠲᠤᠰᠬᠠᠢ ᠮᠡᠷᠭᠡᠵᠢᠯ ᠤᠨ ᠠᠵᠢᠯᠲᠠᠨ ᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠳᠤ ᠣᠷᠣᠭᠤᠯᠬᠤ ᠶᠢ ᠴᠢᠬᠤᠯᠠᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠢ ᠡᠩᠨᠡᠭᠡ ᠶᠢᠨ ᠠᠵᠢᠯᠲᠠᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠴᠢᠯᠡᠵᠦ᠂ ᠣᠲᠤᠭ ᠬᠤᠰᠢᠭᠤᠨ ᠤ ᠣᠨᠴᠠᠯᠢᠭ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠨ ᠤ ᠡᠩᠨᠡᠭᠡ ᠶᠢ ᠪᠠᠶᠢᠭᠤᠯᠤᠨ᠎ᠠ᠃      ⒉ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢ᠂ ᠰᠠᠶᠢᠨ ᠳᠣᠷᠠᠴᠣᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠪᠠ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠨ ᠤ ᠪᠣᠯᠪᠠᠰᠤᠷᠠᠯ ᠪᠠ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ︽ᠦᠨᠳᠦᠰᠦᠨ ᠱᠠᠲᠤᠨ ᠤ ᠭᠤᠷᠪᠠᠨ ᠳᠠᠷᠤᠭ᠎ᠠ︾ ᠵᠡᠷᠭᠡ ᠦᠨᠳᠦᠰᠦᠨ ᠱᠠᠲᠤᠨ ᠳᠤ ᠣᠶᠢᠷᠠᠲᠤᠭᠰᠠᠨ ᠳᠠᠪᠠᠭᠤᠯᠢᠭ ᠢ ᠪᠠᠳᠠᠷᠠᠭᠤᠯᠤᠨ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠰᠢᠨ᠎ᠡ ᠵᠠᠭᠤᠴᠢᠯᠠᠭᠤᠷ ᠤᠨ ᠦᠢᠯᠡᠰ ᠡᠷᠬᠢᠯᠡᠭᠴᠢ᠂ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠭᠴᠢ ᠶᠢᠨ ᠮᠡᠳᠡᠭᠡ ᠵᠠᠩᠭᠢᠴᠢ ᠪᠠ ᠰᠠᠶᠢᠨ ᠳᠤᠷᠠᠴᠣᠳ ᠤᠨ ᠡᠩᠨᠡᠭᠡᠨ ᠳᠤ ᠣᠷᠣᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢ ᠶᠢ ᠤᠯᠠᠮᠵᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠬᠢᠬᠦ ᠶᠢ ᠵᠣᠷᠢᠭᠵᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠲᠥᠪ᠂ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢᠶᠠᠷ ᠰᠠᠭᠤᠷᠢᠨ ᠭᠠᠵᠠᠷ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠴᠢᠬᠤᠯᠠ ᠠᠷᠭ᠎ᠠ ᠪᠠᠷᠢᠯ ᠪᠣᠯᠭᠠᠭᠰᠠᠨ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠰᠬᠠᠶᠢᠵᠢᠭᠰᠠᠨ᠂ ᠵᠢᠷᠤᠮᠵᠢᠭᠰᠠᠨ᠂ ᠪᠠᠶᠢᠩᠭᠤᠵᠢᠭᠰᠠᠨ ᠬᠥᠭᠵᠢᠯᠲᠡ ᠶᠢ ᠠᠬᠢᠭᠤᠯᠤᠨ᠎ᠠ᠃      ⒊ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠲᠡᠭᠦᠯᠳᠡᠷᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠢᠴᠢ ᠪᠤᠰᠤᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠲᠠᠯᠠᠪᠤᠷ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠲᠠᠶᠢᠯᠪᠤᠷᠢᠯᠠᠭᠴᠢ ᠶᠢᠨ ᠡᠩᠨᠡᠭᠡ ᠶᠢ ᠭᠤᠣᠯᠳᠠᠯᠭ᠎ᠠ ᠲᠠᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠤᠶᠤᠳᠠᠨ ᠰᠠᠶᠢᠨ ᠳᠣᠷᠠᠴᠣᠳ᠂ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠵᠡᠷᠭᠡ ᠳᠤ ᠲᠦᠰᠢᠭᠯᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠲᠠᠶᠢᠯᠪᠤᠷᠢᠯᠠᠭᠴᠢ ᠪᠣᠯᠣᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠪᠤᠷᠢᠯᠠᠭᠴᠢ ᠪᠣᠯᠣᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠠᠨ ᠵᠢᠯᠣᠭᠤᠳᠤᠭᠴᠢ ᠶᠢᠨ ᠪᠣᠯᠪᠠᠰᠤᠷᠠᠯ ᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠮᠦᠵᠢᠯ ᠬᠢᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠠᠰᠠᠭ ᠤᠨ ᠣᠷᠳᠣᠨ ᠠᠴᠠ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ︾ ᠶᠢ ᠬᠡᠷᠡᠭᠵᠢᠭᠦᠯᠬᠦ ᠠᠵᠢᠯ ᠢ ᠨᠢᠭᠡᠳᠦᠯᠲᠡᠢ ᠲᠥᠯᠥᠪᠯᠡᠵᠦ᠂ ᠡᠯ᠎ᠡ ᠰᠤᠮᠤ ᠪᠠᠯᠭᠠᠰᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠤᠨ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠠᠵᠢᠯ ᠤᠨ ᠭᠤᠣᠯ ᠡᠭᠦᠷᠭᠡ ᠶᠢ ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠷᠠᠭᠤᠯᠤᠯᠲᠠ ᠳᠤ ᠣᠷᠣᠭᠤᠯᠤᠨ᠎ᠠ᠃ ᠡᠯ᠎ᠡ ᠪᠦᠷᠢᠯᠳᠦᠭᠦᠨ ᠨᠢᠭᠡᠴᠢ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠡᠭᠦᠷᠭᠡ ᠶᠢ ᠲᠣᠰ ᠪᠠᠶᠢᠭᠤᠯᠭ᠎ᠠ ᠲᠣᠰ ᠰᠢᠰᠲ᠋ᠧᠮ ᠤᠨ ᠢᠶᠠᠨ ᠠᠵᠢᠯ ᠤᠨ ᠲᠥᠯᠦᠪᠵᠢᠭᠦᠯᠭᠡ ᠪᠠ ᠲᠥᠯᠥᠪᠯᠡᠭᠡ ᠳᠤ ᠣᠷᠣᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠬᠠᠮ ᠬᠦᠴᠦᠨ ᠢ ᠪᠦᠷᠢᠯᠳᠦᠭᠦᠯᠦᠨ᠎ᠡ᠃      ︵ᠬᠤᠶᠠᠷ︶ ᠲᠣᠭᠲᠠᠴᠠ ᠶᠢᠨ ᠪᠠᠲᠤᠯᠠᠭ᠎ᠠ᠃ ᠬᠠᠮᠵᠢᠯᠴᠠᠨ ᠬᠠᠮᠲᠤᠪᠠᠷ ᠪᠠᠶᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠳᠤᠷᠢᠳᠬᠤ ᠳᠤᠭᠤᠶᠢᠯᠠᠩ ᠪᠠ ᠡᠯ᠎ᠡ ᠪᠦᠷᠢᠯᠳᠦᠭᠦᠨ ᠨᠢᠭᠡᠴᠢ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠢ ᠬᠠᠮᠲᠤ ᠪᠠᠷ ᠠᠬᠢᠭᠤᠯᠤᠨ᠎ᠠ᠃ ᠱᠠᠩᠨᠠᠨ ᠬᠥᠬᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶᠢᠳᠡ ᠪᠠ ᠬᠤᠪᠢ ᠬᠥᠮᠥᠨ ᠢ ᠱᠠᠩᠨᠠᠨ ᠬᠥᠬᠢᠭᠦᠯᠦᠨ᠎ᠡ᠃ ᠬᠢᠨᠠᠨ ᠰᠢᠯᠭᠠᠵᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠦᠨᠡᠯᠡᠬᠦ ᠳᠦᠷᠢᠮ ᠢ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠬᠢᠨᠠᠨ ᠰᠢᠯᠭᠠᠵᠤ ᠦᠨᠡᠯᠡᠨ᠎ᠡ᠃      ︵ᠭᠤᠷᠪᠠ︶ ᠵᠠᠷᠤᠳᠠᠯ ᠤᠨ ᠪᠠᠲᠤᠯᠠᠭ᠎ᠠ᠃ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠲᠠᠨ ᠪᠠ ᠡᠳ᠋ ᠮᠥᠩᠭᠦᠨ ᠤ ᠣᠷᠣᠭᠤᠯᠤᠯᠲᠠ ᠶᠢ ᠠᠯᠬᠤᠮ ᠠᠯᠬᠤᠮ ᠢᠶᠠᠷ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠲᠥᠬᠦᠭᠡᠷᠦᠮᠵᠢ ᠶᠢ ᠪᠠᠶᠢᠭᠤᠯᠬᠤ᠂ ᠬᠤᠳᠠᠯᠳᠤᠨ ᠠᠪᠬᠤ᠂ ᠡᠷᠭᠢᠯᠳᠦᠭᠦᠯᠬᠦ ᠶᠢ ᠪᠠᠲᠤᠯᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠡᠭᠦᠷᠭᠡᠯᠡᠭᠰᠡᠨ ᠡᠭᠦᠷᠭᠡ ᠪᠠᠨ ᠦᠨᠳᠦᠰᠦᠯᠡᠨ᠂ ᠲᠥᠰᠥᠪ ᠤᠨ ᠬᠠᠮᠢᠶᠠᠷᠤᠯᠲᠠ ᠶᠢᠨ ᠲᠣᠭᠲᠠᠭᠠᠯ ᠪᠠ ᠤᠳᠤ ᠶᠢᠨ ᠪᠡᠯᠡ ᠮᠥᠩᠭᠦᠨ ᠤ ᠪᠠᠶᠢᠳᠠᠯ ᠢᠶᠠᠷ ᠢᠶᠠᠨ ᠬᠡᠷᠡᠭᠰᠡᠬᠦ ᠵᠠᠷᠤᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠨᠠᠶᠢᠳᠠᠪᠤᠷᠢᠵᠢᠭᠤᠯᠤᠨ᠎ᠠ᠃ ᠬᠤᠪᠢ ᠬᠥᠮᠥᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠬᠦᠴᠦᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢ ᠮᠥᠩᠭᠦ ᠪᠠᠶᠢᠭᠤᠯᠬᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠲᠡᠳᠬᠦᠬᠦ ᠲᠥᠷᠥᠯ ᠵᠦᠢᠯ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠳᠤ ᠪᠡᠯᠡ ᠮᠥᠩᠭᠦ ᠣᠷᠣᠭᠤᠯᠬᠤ ᠶᠢ ᠰᠠᠨᠠᠭᠠᠴᠢᠯᠠᠨ᠎ᠠ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       2023 ᠣᠨ ᠤ 7 ᠳ᠋ᠤᠭᠠᠷ ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ