ᠦᠵᠡᠭᠡᠴᠢ︕ ᠠᠷᠪᠠᠰ ᠰᠤᠮᠤ ᠪᠦᠬᠦ ᠤᠷᠤᠨ ᠤ ᠠᠩᠬᠠᠳᠠᠭᠴᠢ ᠪᠤᠳᠠᠰ ᠤᠨ ᠪᠤᠰᠤ ᠰᠤᠶᠤᠯ ᠤᠨ ᠦᠪ ᠤᠨ ᠰᠠᠭᠤᠷᠢᠨ ᠭᠠᠵᠠᠷ ᠤᠨ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/7/6
      7 ᠰᠠᠷ᠎ᠠ ᠶᠢᠨ 4 ᠤ ᠡᠳᠦᠷ᠂ ᠤᠲᠤᠭ ᠬᠤᠰᠢᠭᠤᠨ ᠤ ᠠᠷᠪᠠᠰ ᠰᠤᠮᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠬᠦᠮᠦᠵᠢᠯ ᠤᠨ ᠭᠤᠣᠯᠳᠠᠯᠭᠠᠲᠤ ᠵᠢᠱᠢᠶ᠎ᠡ ᠦᠵᠡᠭᠦᠯᠬᠦ ᠡᠷᠦᠬᠡ ᠵᠢᠴᠢ ᠣᠷᠳᠣᠰ ᠤᠨ ᠲᠠᠯ᠎ᠠ ᠨᠤᠲᠤᠭ ᠤᠨ ᠨᠠᠶᠢᠷ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠵᠢᠩᠬᠢᠨᠢ ᠪᠠᠷ ᠫᠠᠶᠢᠰᠠ ᠪᠠᠨ ᠰᠡᠬᠦᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠵᠢᠶᠦ᠋ᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠩᠭᠦᠨᠬᠤᠸᠠᠷ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠠᠵᠢᠯᠯᠠᠭ᠎ᠠ ᠳᠤ ᠣᠷᠣᠯᠴᠠᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃
2.png
      ᠨᠠᠶᠢᠷ ᠭᠡᠵᠦ ᠤᠯᠠᠨ ᠳᠠᠶᠠᠭᠠᠷ ᠴᠤᠭᠯᠠᠷᠠᠵᠤ ᠳᠥᠷᠪᠡᠨ ᠤᠲᠠᠰᠤᠲᠤ ᠬᠤᠭᠤᠷ᠂ ᠯᠢᠩᠪᠦ᠂ ᠱᠠᠨᠵᠠ ᠵᠡᠷᠭᠡ ᠠᠷᠠᠳ ᠤᠨ ᠬᠥᠭᠵᠢᠮ ᠬᠥᠭᠵᠢᠮᠳᠡᠨ᠂ ᠬᠠᠮᠲᠤᠪᠡᠷ ᠳᠠᠭᠤᠯᠠᠨ ᠪᠥᠵᠢᠭᠯᠡᠵᠦ᠂ ᠵᠤᠭ᠎ᠠ ᠴᠡᠩᠭᠡᠯ ᠢᠶᠠᠷ ᠪᠢᠯᠬᠠᠭᠰᠠᠨ ᠣᠯᠠᠨ ᠲᠦᠮᠡᠨᠴᠢ ᠰᠣᠶᠣᠯ ᠤᠨ ᠬᠡᠯᠪᠡᠷᠢ ᠨᠢ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ ᠠᠷᠠᠳ ᠤᠨ ᠲᠣᠭᠯᠠᠯᠲᠠ ᠪᠣᠯᠤᠨ᠎ᠠ᠃
3.png
      ᠤᠷᠳᠤᠰ ᠤᠨ ᠲᠠᠯ᠎ᠠ ᠨᠤᠲᠤᠭ ᠤᠨ ᠨᠠᠶᠢᠷ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠠᠩᠬᠠᠨ ᠳᠤ ᠪᠠᠨ 1986 ᠣᠨ ᠳᠤ ᠪᠠᠶᠢᠭᠤᠯᠤᠭᠳᠠᠭᠰᠠᠨ ᠲᠠᠯ᠎ᠠ ᠨᠤᠲᠤᠭ ᠤᠨ ᠬᠥᠬᠡ ᠬᠥᠭᠵᠢᠮ ᠤᠨ ᠠᠩᠭᠢ ᠪᠣᠯᠤᠨ᠎ᠠ᠃ ᠬᠠᠮᠲᠤᠯᠢᠭ ᠤᠨ ᠭᠡᠰᠢᠭᠦᠨ ᠤ ᠨᠢᠭᠡ ᠪᠤᠯᠬᠤ ᠨᠠᠶᠠᠨᠲᠠᠢ ᠨᠥᠬᠦᠷ ᠨᠠᠶᠢᠷ ᠤᠨ ᠰᠣᠶᠣᠯ ᠳᠤ ᠮᠠᠰᠢ ᠪᠠᠭ᠋ᠠᠲᠠᠢ ᠪᠤᠯᠬᠤᠷ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠬᠠᠯᠠᠭᠤᠨ ᠰᠡᠳᠬᠢᠯᠭᠡ ᠪᠠᠷ 20 ᠭᠠᠷᠤᠶ ᠵᠢᠯ ᠤᠨ ᠴᠠᠭ ᠮᠥᠴᠡ ᠳᠤ ᠬᠥᠭᠵᠢᠮ ᠤᠨ ᠠᠩᠭᠢ ᠶᠢᠨ ᠭᠡᠰᠢᠭᠦᠨ ᠲᠠᠢ ᠪᠠᠨ ᠬᠠᠮᠲᠤ ᠡᠷᠭᠢᠨ ᠲᠣᠭᠤᠷᠢᠨ ᠤ ᠭᠠᠵᠠᠷ ᠣᠷᠣᠨ ᠳᠤ ᠣᠷᠳᠣᠰ ᠨᠠᠶᠢᠷ ᠢ ᠳᠡᠯᠭᠡᠷᠡᠭᠦᠯᠪᠡ᠃ ᠲᠡᠷᠡᠴᠢᠯᠡᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠤᠬᠠᠶ ᠶᠢᠨ ᠭᠠᠵᠠᠷ ᠤᠨ ᠰᠤᠮᠤ᠂ ᠭᠠᠴᠠᠭᠠᠨ ᠤ ᠬᠠᠪᠰᠤᠷᠤᠯᠭ᠎ᠠ ᠪᠠᠷ ᠥᠨᠥᠳᠦᠷ ᠤᠨ ᠣᠷᠳᠣᠰ ᠤᠨ ᠲᠠᠯ᠎ᠠ ᠨᠤᠲᠤᠭ ᠤᠨ ᠨᠠᠶᠢᠷ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠠᠶᠢᠭᠤᠯᠪᠠ᠃
4.png
      ᠣᠳᠣᠬᠠᠨ ᠳᠤ᠂ ᠣᠷᠳᠣᠰ ᠤᠨ ᠲᠠᠯ᠎ᠠ ᠨᠤᠲᠤᠭ ᠤᠨ ᠨᠠᠶᠢᠷ ᠤᠨ ᠰᠣᠶᠣᠯ ᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠨᠢ ᠪᠥᠬᠦ ᠣᠷᠣᠨ ᠤ ᠠᠩᠬᠠᠳᠠᠭᠴᠢ ᠨᠠᠶᠢᠷ ᠤᠨ ᠰᠤᠶᠤᠯ ᠢᠶᠠᠷ ᠰᠠᠭᠤᠷᠢ ᠪᠣᠯᠭᠠᠭᠰᠠᠨ᠂ ᠰᠣᠶᠣᠯ ᠤᠨ ᠬᠠᠮᠠᠭᠠᠯᠠᠯᠲᠠ᠂ ᠵᠢᠭᠠᠨ ᠰᠤᠷᠭᠠᠯᠲᠠ᠂ ᠵᠣᠬᠢᠶᠠᠨ ᠪᠦᠲᠦᠭᠡᠬᠦ ᠲᠣᠭᠯᠠᠯᠲᠠ ᠶᠢ ᠨᠢᠭᠡ ᠴᠣᠭᠴᠠᠵᠢᠭᠤᠯᠤᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢᠨ ᠭᠠᠵᠠᠷ ᠪᠣᠯᠤᠨ᠎ᠠ᠃ ᠥᠨᠥ ᠪᠣᠯᠲᠠᠯ᠎ᠠ ᠡᠷᠭᠢᠨ ᠲᠣᠭᠤᠷᠢᠨ ᠤ ᠲᠠᠪᠢᠭᠠᠳ ᠮᠠᠯᠴᠢᠨ ᠲᠠᠷᠢᠶᠠᠴᠢᠨ ᠣᠷᠣᠯᠴᠠᠵᠤ᠂ ᠰᠤᠯᠠ ᠰᠡᠯᠡᠭᠦᠤ ᠴᠠᠭ ᠲᠤ ᠪᠠᠨ ᠣᠷᠳᠣᠰ ᠨᠠᠶᠢᠷ ᠪᠠᠷᠢᠵᠤ᠂ ᠣᠲᠤᠭ ᠬᠤᠰᠢᠭᠤᠨ ᠤ ᠬᠠᠮᠤᠭ ᠤᠨ ᠬᠦᠴᠦᠷᠬᠡᠭ ᠳᠠᠭᠤᠨ ᠢ ᠬᠠᠩᠭᠢᠨᠠᠭᠤᠯᠪᠠ᠃ ᠣᠲᠤᠭ ᠬᠤᠰᠢᠭᠤ ︽ᠨᠠᠶᠢᠷ ᠤᠨ ᠰᠣᠶᠣᠯ ᠤᠨ ᠥᠯᠥᠭᠡᠢ︾ ᠬᠡᠮᠡᠭᠳᠡᠵᠦ᠂ ᠪᠦᠬᠦ ᠬᠤᠰᠢᠭᠤᠨ ᠤ ᠠᠷᠠᠳ ᠣᠯᠠᠨ ᠣᠷᠳᠣᠰ ᠨᠠᠶᠢᠷ ᠲᠤ ᠪᠠᠬ᠎ᠠ ᠰᠤᠷᠨᠢᠬᠠᠯ ᠲᠠᠢ᠂ ᠤᠷᠤᠯᠴᠠᠬᠤ ᠢᠳᠡᠪᠬᠢᠵᠢᠯ ᠢᠶᠠᠷ ᠰᠠᠶᠢᠨ ᠪᠠᠶᠢᠵᠤ᠂ ᠣᠳᠣᠬᠠᠨ ᠳᠤ ᠪᠦᠬᠦ ᠬᠤᠰᠢᠭᠤᠨ ᠳᠤ ᠨᠡᠶᠢᠲᠡ ︽ᠨᠠᠶᠢᠷ︾ ᠤᠨ ᠰᠣᠶᠣᠯ ᠤᠨ ᠡᠷᠦᠬᠡ 128 ᠂ ︽ᠨᠠᠶᠢᠷ︾ ᠤᠨ ᠬᠥᠭᠵᠢᠮ ᠤᠨ ᠠᠩᠭᠢ 182᠂ ᠮᠠᠯᠴᠢᠳ ᠲᠤᠭᠯᠠᠯᠲᠠ ᠭᠠᠷᠭᠠᠭᠰᠠᠨ ᠤᠳᠠᠭ᠎ᠠ 2000 ᠭᠠᠷᠤᠢ ᠬᠦᠷᠴᠦ᠂ ᠵᠢᠯ ᠳᠤ 1000 ᠭᠠᠷᠤᠢ ᠲᠣᠭᠯᠠᠯᠲᠠ ᠭᠠᠷᠭᠠᠵᠠᠢ᠃
 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ