ᠭᠤᠤ ᠬᠤᠸᠠᠢ ᠵᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/6
      7 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠭᠤᠤ ᠬᠤᠸᠠᠢ ᠵᠢᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳᠣᠰᠣᠲᠣ ᠶᠢᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠪᠦᠬᠦᠯᠢ ᠴᠣᠭᠴᠠ ᠶᠢᠨ ᠪᠠᠶᠢᠳᠠᠯ ᠵᠢᠴᠢ ᠴᠢ ᠫᠠᠨ ᠵᠢᠩ᠂ ᠰᠠᠶᠢᠬᠤᠰᠤ ᠣᠷᠣᠨ ᠤ ᠭᠠᠵᠠᠷ ᠳᠣᠤᠷᠠᠬᠢ ᠤᠰᠤᠨ ᠤ ᠲᠦᠪᠰᠢᠨ ᠢ ᠬᠢᠨᠠᠨ ᠬᠡᠮᠵᠢᠬᠦ᠂ ᠦᠵᠦᠬᠦᠷ ᠤᠨ ᠭᠤᠤ ᠶᠢᠨ ᠭᠤᠤᠯ ᠤᠨ ᠵᠠᠮ ᠢ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢᠦ ᠲᠢᠶᠠᠨ ᠶᠦᠨ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠡᠤ ᠶᠦᠩ ᠨᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
图片1.jpg
      ᠬᠤᠷᠠᠯ ᠳᠡᠭᠡᠷ᠎ᠡ᠂ ᠭᠤᠤ ᠬᠤᠸᠠᠢ ᠵᠢᠩ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠤᠯᠠᠨ ᠲᠠᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠠᠢ᠃      ᠭᠤᠤ ᠬᠤᠸᠠᠢ ᠵᠢᠩ ᠬᠡᠯᠡᠬᠦ ᠳᠡᠭᠡᠨ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ ᠠᠵᠢᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠵᠢᠯᠴᠠᠨ ᠬᠠᠮᠠᠭᠠᠯᠠᠵᠤ ᠵᠠᠰᠠᠬᠤ ᠶᠢ ᠠᠬᠢᠭᠤᠯᠬᠤ ᠬᠡᠷᠡᠭᠲᠡᠶ᠃ ᠰᠢᠰᠲ᠋ᠧᠮᠲᠦ ᠰᠡᠳᠬᠢᠬᠦᠢ ᠶᠢ ᠪᠠᠲᠤ ᠪᠤᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠭᠤᠣᠯ ᠮᠥᠷᠡᠨ ᠤ ᠳᠠᠷᠤᠭ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠣᠯ ᠮᠥᠷᠡᠨ ᠢ ᠲᠣᠭᠤᠷᠢᠨ ᠪᠠᠶᠢᠴᠠᠭᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ