2023 ᠣᠨ ᠤ ᠪᠦᠬᠦ ᠬᠤᠰᠢᠭᠤᠨ ᠤ ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ ᠠᠵᠢᠯᠯᠠᠭ᠎ᠠ ᠥᠷᠨᠢᠭᠦᠯᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/25
                     ᠣᠳᠤᠭ ᠵᠡᠰᠠᠭ ᠠᠯᠪᠡᠨ ᠲᠡᠷᠬᠠᠭᠠᠭᠰᠡᠨ  ﹇2023﹈ 72 ᠳ᠋ᠤᠭᠠᠷ ᠲᠣᠭᠠᠳᠣ        2023 ᠣᠨ ᠤ ᠪᠦᠬᠦ ᠬᠤᠰᠢᠭᠤᠨ ᠤ ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ ᠠᠵᠢᠯᠯᠠᠭ᠎ᠠ         ᠥᠷᠨᠢᠭᠦᠯᠬᠦ ᠲᠣᠬᠠᠢ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ ᠤᠨ ᠮᠡᠳᠡᠭᠳᠡᠯᠡᠯ᠎ᠠ ᠰᠣᠮᠣ ᠪᠡᠯᠭᠠᠰᠥᠨ ᠤ ᠠᠷᠡᠳ ᠤᠨ ᠵᠡᠰᠠᠭ ᠤᠨ ᠣᠷᠳᠣᠨ᠂ ᠬᠤᠰᠢᠭᠤᠨ ︵ᠬᠤᠲᠠ︶ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠠ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠪᠠ ︽2023 ᠣᠨ ᠤ ᠪᠦᠬᠦ ᠬᠤᠲᠠ ᠶᠢᠨ ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠬᠤ ᠠᠵᠢᠯᠯᠠᠭ᠎ᠠ ᠥᠷᠨᠢᠭᠦᠯᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ﹇2023﹈ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠳᠤ ᠦᠨᠳᠦᠰᠦᠯᠡᠵᠦ᠂ ᠪᠦᠬᠦ ᠬᠤᠰᠢᠭᠤᠨ ᠤ 2023 ᠣᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠳ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠠᠵᠢᠯᠯᠠᠭᠠᠨ ᠤ ᠭᠤᠣᠯ ᠰᠡᠳᠦᠪ      ᠨᠢᠭᠡ ᠡᠳᠦᠷ ᠤᠨ ᠣᠷᠣᠯᠭ᠎ᠠ ᠪᠠᠨ ᠬᠠᠨᠳᠢᠪᠯᠡᠵᠤ᠂ ᠦᠨᠡᠨᠴᠢ ᠰᠡᠳᠬᠢᠯ ᠢᠶᠠᠨ ᠢᠯᠡᠳᠬᠡᠶ᠎ᠡ᠃      ᠬᠤᠶᠠᠷ᠂ ᠣᠷᠣᠯᠴᠠᠬᠤ ᠬᠦᠷᠢᠶ᠎ᠡ ᠬᠡᠪᠴᠢᠶ᠎ᠡ      ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠢᠨ᠃      ᠭᠤᠷᠪᠠ᠂ ᠬᠠᠨᠳᠢᠪᠯᠡᠭ᠌ᠰᠠᠨ ᠵᠣᠭᠤᠰ ᠢ ᠬᠡᠷᠡᠭᠯᠡᠬᠦ ᠠᠷᠭ᠎ᠠ      ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠲᠤᠰᠠᠯᠠᠭᠰᠠᠨ ᠪᠡᠯᠡ ᠮᠥᠩᠭᠦ ᠶᠢ ᠭᠤᠣᠯᠳᠠᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠣᠷᠢᠯᠲᠠ ᠳᠤ ᠨᠡᠶᠢᠴᠡᠬᠦ ᠭᠠᠮᠰᠢᠭ ᠲᠤ ᠪᠡᠯᠡᠳᠬᠡᠨ ᠭᠠᠮᠰᠢᠭ ᠠᠴᠠ ᠠᠪᠤᠷᠠᠬᠤ᠂ ᠬᠥᠮᠥᠡᠯᠢᠭ ᠦᠵᠡᠯ ᠤᠨ ᠠᠪᠤᠷᠠᠨ ᠲᠤᠰᠠᠯᠠᠬᠤ ᠪᠠ ᠬᠥᠮᠥᠡᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠵᠡᠷᠭᠡ ᠠᠵᠢᠯ ᠳᠤ ᠬᠡᠷᠡᠭᠯᠡᠨ᠎ᠡ᠃      ᠳᠥᠷᠪᠡ᠂ ᠪᠤᠰᠤᠳ ᠵᠦᠢᠯᠡᠰ      ︵ᠨᠢᠭᠡ︶ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠣᠯ ᠨᠢᠭᠡ ᠲᠥᠷᠥᠯ ᠤᠨ ᠤᠷᠲᠤ ᠬᠤᠭᠤᠴᠠᠭᠠᠨ ᠤ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ᠎ᠠ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠰᠢᠭᠤᠨ ᠤ ︽ᠲᠠᠪᠤ ᠶᠢ ᠨᠢᠭᠡ ᠴᠣᠭᠴᠠᠵᠢᠭᠤᠯᠬᠤ︾  ᠶᠡᠷᠦᠩᠬᠡᠶᠢᠯᠡᠨ ᠬᠢᠨᠠᠨ ᠰᠢᠯᠭᠠᠷᠠᠭᠤᠯᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠤᠨ᠂ ᠡᠯ᠎ᠡ ᠭᠠᠵᠠᠷ ᠡᠯ᠎ᠡ ᠪᠠᠶᠢᠭᠤᠯᠭ᠎ᠠ ᠶᠢᠨ ᠬᠢᠨ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠪᠬᠢᠲᠡᠢ ᠵᠣᠬᠢᠶᠠᠨ ᠪᠠᠶᠢᠭᠤᠯᠤᠨ᠂ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂  ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠱᠠᠲᠤ ᠬᠤᠪᠢᠶᠠᠵᠤ ᠵᠣᠬᠢᠶᠠᠨ ᠪᠠᠶᠢᠭᠤᠯᠬᠤ᠂ ᠱᠠᠲᠤ ᠬᠤᠪᠢᠶᠠᠵᠤ ᠬᠠᠮᠢᠶᠠᠷᠬᠤ᠂ ᠱᠠᠲᠤ ᠬᠤᠪᠢᠶᠠᠵᠤ ᠬᠠᠷᠢᠭᠤᠴᠠᠬᠤ ᠵᠠᠷᠴᠢᠮ ᠢᠶᠠᠷ ᠵᠣᠬᠢᠶᠠᠨ ᠪᠠᠶᠢᠭᠤᠯᠵᠤ ᠡᠷᠬᠢᠯᠡᠨ ᠬᠢᠨ᠎ᠡ᠃ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠪᠠᠶᠢᠭᠤᠯᠭ᠎ᠠ ᠵᠢᠴᠢ ᠨᠤᠲᠤᠭᠰᠢᠭᠰᠠᠨ ᠠᠵᠤ ᠠᠬᠤᠶᠢᠯᠠᠯ ᠲᠣᠰ ᠪᠠᠶᠢᠭᠤᠯᠭ᠎ᠠ ᠨᠢᠭᠡᠴᠢ ᠶᠢᠨ ᠢᠶᠠᠨ ᠠᠵᠢᠯᠲᠠᠨ ᠢ ᠵᠣᠬᠢᠶᠠᠨ ᠪᠠᠶᠢᠭᠤᠯᠵᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠶᠢᠨ ᠳᠠᠭᠠᠤ ᠲᠤᠰᠠᠯᠠᠭᠰᠠᠨ ᠮᠥᠩᠭᠦ ᠶᠢ ᠱᠠᠭᠠᠷᠳᠠᠯᠭ᠎ᠠ ᠶᠣᠰᠣᠭᠠᠷ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠲᠤᠰᠢᠶᠠᠵᠤ ᠨᠢᠭᠡᠳᠦᠯᠲᠡᠢ ᠲᠣᠬᠢᠷᠠᠭᠤᠯᠤᠨ ᠬᠡᠷᠡᠭᠯᠡᠵᠦ᠂ ᠳᠤᠮᠳᠠ ᠠᠴᠠ ᠨᠢ ᠦᠯᠡᠳᠡᠭᠡᠵᠦ ᠪᠣᠯᠬᠤ ᠦᠭᠡᠢ᠃ 2023 ᠣᠨ ᠤ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ 12 ᠳ᠋ᠤᠭᠠᠷ ᠰᠠᠷ᠎ᠠ ᠶᠢᠨ ᠰᠡᠭᠦᠯᠴᠢ ᠳᠤ ᠪᠡᠶᠡᠯᠡᠭᠦᠯᠦᠨ᠎ᠡ᠃ ᠠᠵᠢᠯᠯᠠᠭ᠎ᠠ ᠶᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠡᠯ᠎ᠡ ᠪᠠᠶᠢᠭᠤᠯᠭ᠎ᠠ ᠨᠢᠭᠡᠴᠢ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠤᠨ ᠲᠤᠬᠠᠢ ᠬᠢᠭᠰᠡᠨ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠣᠭᠤᠰᠢᠯᠭᠤᠯᠵᠤ ᠨᠠᠶᠢᠳᠠᠪᠤᠷᠢᠵᠢᠭᠤᠯᠬᠤ ᠦᠨᠳᠦᠷᠴᠨ ᠠᠴᠠ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠬᠥᠮᠦᠯᠢᠭ ᠦᠵᠡᠯ ᠤᠨ ᠬᠦᠴᠦᠨ ᠴᠢᠳᠠᠯ ᠢ ᠨᠢᠭᠲᠠᠷᠠᠭᠤᠯᠬᠤ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠬᠦ᠂ ᠠᠷᠠᠳ ᠤᠨ ᠠᠮᠢᠳᠤᠷᠠᠯ ᠤᠨ ᠳᠣᠲᠠᠭᠤᠳᠠᠯ ᠢ ᠨᠥᠬᠦᠪᠦᠷᠢᠯᠡᠬᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠵᠦ ᠦᠢᠯᠡᠳᠦᠯᠭᠡᠵᠢᠭᠦᠯᠬᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠳᠠᠬᠢ ᠴᠢᠬᠤᠯᠠ ᠦᠢᠯᠡᠳᠦᠯ ᠤᠨ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠦᠭᠦᠯᠦᠨ᠂ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠶᠢ ᠠᠷᠠᠳ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠵᠢᠴᠢ ᠣᠶᠣᠨ ᠤ ᠪᠣᠯᠪᠠᠰᠤᠨ ᠤ ᠪᠠᠶᠢᠭᠤᠯᠤᠯᠲᠠ ᠶᠢ ᠪᠠᠲᠤᠲᠠᠢ ᠥᠷᠨᠢᠭᠦᠯᠬᠦ ᠪᠦᠲᠦᠮᠵᠢᠲᠡᠢ ᠠᠴᠢᠶᠠᠯᠠᠪᠤᠷᠢ ᠪᠠ ᠪᠣᠳᠠᠲᠠᠢ ᠦᠢᠯᠡᠳᠦᠯᠭᠡ ᠪᠣᠯᠭᠠᠨ᠎ᠠ᠃ ᠥᠷᠭᠡᠨ ᠣᠯᠠᠨ ᠤᠳᠤᠷᠢᠳᠬᠤ ᠺᠠᠳ᠋ᠷ ᠪᠣᠯᠣᠨ ᠨᠠᠮ ᠤᠨ ᠭᠡᠰᠢᠭᠦᠨ ᠪᠡᠶ᠎ᠡ ᠪᠠᠷ  ᠢᠶᠠᠨ ᠳᠠᠭᠤᠷᠢᠶᠠᠯ ᠦᠵᠡᠭᠦᠯᠦᠨ᠂ ᠲᠦᠷᠦᠭᠦᠯᠡᠨ ᠵᠣᠭᠤᠰ ᠬᠠᠨᠳᠢᠪᠯᠡᠵᠤ᠂ ᠬᠠᠨᠳᠢᠪᠯᠡᠬᠤ ᠠᠵᠢᠯᠯᠠᠭ᠎ᠠ ᠶᠢ ᠨᠢᠮᠪᠠᠢ ᠥᠷᠨᠢᠭᠦᠯᠦᠨ᠂ ᠬᠦᠴᠢᠷᠳᠡᠯᠲᠡᠢ ᠣᠯᠠᠨ ᠲᠦᠮᠡᠨ ᠤ ᠬᠦᠴᠢᠷ ᠵᠣᠪᠠᠭᠤᠷᠢ ᠶᠢ ᠨᠢ ᠦᠨᠡᠨ ᠬᠦ ᠰᠢᠢᠳᠪᠣᠷᠢᠯᠡᠨ᠎ᠡ᠃      ︵ᠭᠤᠷᠪᠠ︶ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠡᠯᠡ ᠮᠥᠩᠭᠦ ᠴᠤᠭᠯᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯᠯᠠᠬᠤ ᠠᠷᠭ᠎ᠠ ᠪᠠᠷᠢᠯ ᠢᠶᠠᠨ  ᠰᠢᠨᠡᠴᠢᠯᠡᠨ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠨ᠎ᠡ᠃ ᠣᠯᠠᠨ ᠨᠡᠶᠢᠲᠡ ᠶᠢ ᠢᠲᠡᠭᠡᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠨᠳᠢᠪᠯᠡᠭ᠌ᠰᠠᠨ ᠵᠣᠭᠤᠰ ᠢ ᠬᠤᠷᠢᠶᠠᠵᠤ ᠠᠪᠬᠤ᠂ ᠬᠠᠮᠢᠶᠠᠷᠴᠤ ᠬᠡᠷᠡᠭᠯᠡᠬᠦ ᠠᠵᠢᠯ ᠢ ᠰᠠᠶᠢᠨ ᠬᠢᠵᠤ᠂ ᠬᠠᠨᠳᠢᠪᠯᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠨᠠᠯᠲᠠ ᠲᠠᠯᠪᠢᠬᠤ ᠵᠥᠪᠯᠡᠯ ᠤᠨ ᠳᠣᠲᠣᠭᠠᠳᠤ ᠳᠠᠭᠠᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ︽ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠡᠬᠤ︾ ᠠᠵᠢᠯᠯᠠᠭ᠎ᠠ ᠪᠠᠷ ᠬᠠᠨᠳᠢᠪᠯᠡᠭ᠌ᠰᠠᠨ ᠵᠣᠭᠤᠰ ᠢ ᠬᠢᠨᠠᠨ ᠪᠣᠳᠣᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠨᠳᠢᠪᠯᠠᠭᠰᠠᠨ ᠵᠣᠭᠤᠰ ᠢ ᠠᠮᠤᠷ ᠲᠦᠪᠰᠢᠨ ᠪᠦᠲᠦᠮᠵᠢᠲᠡᠢ ᠠᠰᠢᠭᠯᠠᠨ᠎ᠠ᠃ ᠢᠪᠡᠭᠡᠨ ᠬᠠᠨᠳᠢᠪᠯᠠᠭᠰᠠᠨ ᠲᠡᠷᠢᠭᠦᠨ ᠤ ᠦᠢᠯᠡ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠤ᠂ ᠬᠠᠶᠢᠷ᠎ᠠ ᠬᠠᠯᠠᠮᠵᠢ ᠪᠠᠨ ᠬᠦᠷᠲᠡᠭᠡᠨ ᠬᠠᠷᠠᠮ ᠦᠭᠡᠢ ᠪᠠᠷ ᠵᠢᠳᠬᠦᠯ ᠦᠵᠡᠭᠦᠯᠦᠭᠰᠡᠨ ᠠᠵᠢᠯᠯᠠᠭ᠎ᠠ ᠶᠢ ᠰᠠᠶᠢᠰᠢᠶᠡᠨ᠂ ᠪᠣᠯᠪᠠᠰᠤᠨ ᠰᠢᠨ᠎ᠡ ᠰᠤᠷᠲᠠᠯ ᠢ ᠪᠣᠢ ᠪᠣᠯᠭᠠᠨ᠎ᠠ᠃      ᠲᠠᠪᠤ᠂ ᠬᠠᠨᠳᠢᠪᠯᠡᠬᠤ ᠠᠷᠭ᠎ᠠ ᠬᠡᠯᠪᠡᠷᠢ      ︵ᠨᠢᠭᠡ︶ ᠠᠬᠤᠢ ᠲᠠᠯᠠᠪᠠᠢ ᠳᠤ ᠬᠠᠨᠳᠢᠪᠯᠡᠬᠤ      ᠬᠠᠶ᠋ᠢᠭ᠄ ᠤᠲᠤᠭ ᠬᠤᠰᠢᠭᠤᠨ ᠤ ᠤᠯᠠᠭᠠᠨᠪᠠᠯᠭᠠᠰᠤ ᠶᠢᠨ ᠰᠢᠩ ᠲᠠᠢ ᠠᠰᠠᠷ ᠤᠨ B203 ᠲᠠᠰᠤᠭ ᠲᠤ      ᠬᠠᠷᠢᠯᠴᠠᠬᠤ ᠤᠲᠠᠰᠤ᠄ 6212866      ︵ᠬᠤᠶᠠᠷ︶ ᠪᠠᠩᠬᠢ ᠪᠠᠷ ᠵᠣᠭᠤᠰ ᠭᠤᠪᠢᠭᠤᠯᠵᠤ ᠬᠠᠨᠳᠢᠪᠯᠡᠬᠤ      ᠬᠠᠨᠳᠢᠪᠯᠠᠭᠰᠠᠨ‌ᠮᠥ᠋ᠩᠭᠦ ᠶᠢ ᠬᠤᠷᠢᠶᠠᠬᠤ ᠪᠠᠩᠬᠢ᠄ ᠥᠪᠥᠷ ᠮᠣᠩᠭᠤᠯ ᠤᠨ ᠣᠳᠤᠭ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠠᠷᠵᠠᠢ ᠵᠡᠭᠡᠯᠢ ᠳᠠᠬᠢ ᠰᠠᠯᠪᠤᠷᠢ ᠪᠠᠩᠬᠢ      ᠪᠠᠩᠭᠢᠨ ᠺᠠᠷᠲ ᠤᠨ ᠨᠤᠮᠧᠷ᠄ 402205544017      ᠬᠠᠨᠳᠢᠪᠯᠠᠭᠰᠠᠨ ᠮᠥᠩᠭᠦ ᠶᠢ ᠬᠤᠷᠢᠶᠠᠬᠤ ᠨᠢᠭᠡᠴᠢ ᠶᠢᠨ ᠨᠡᠷᠡᠶᠢᠳᠦᠯ᠄ ᠤᠲᠤᠭ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ      ᠬᠠᠨᠳᠢᠪᠯᠠᠭᠰᠠᠨ ᠮᠥᠩᠭᠦ ᠶᠢ ᠬᠤᠷᠢᠶᠠᠬᠤ ᠺᠠᠷᠲ ᠤᠨ ᠨᠤᠮᠧᠷ᠄ 7900 4012 2000 0000 0081 10      ᠬᠠᠨᠳᠢᠪᠯᠠᠬᠤ ᠲᠥᠷᠥᠯ ᠵᠦᠢᠯ᠄ ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠬᠤ      ᠡᠷᠬᠡᠪᠰᠢ ︽ᠵᠣᠭᠤᠰ ᠭᠤᠪᠢᠭᠤᠯᠬᠤ ᠲᠣᠳᠣᠷᠬᠠᠶᠢᠯᠠᠯᠲᠠ︾ ᠳᠤ ᠬᠠᠨᠳᠢᠪᠯᠠᠭᠰᠠᠨ ᠨᠢᠭᠡᠴᠡ ᠪᠤᠶᠤ ᠬᠤᠪᠢ ᠬᠥᠮᠥᠨ ᠤ ᠪᠥᠬᠦ ᠨᠡᠷᠡᠶᠢᠳᠦᠯ ᠵᠢᠴᠢ ᠵᠣᠭᠤᠰ ︵ᠨᠢᠭᠡ ᠡᠳᠦᠷ ᠤᠨ ᠣᠷᠣᠯᠭ᠎ᠠ ᠪᠠᠨ ᠢᠪᠡᠭᠡᠨ ᠬᠠᠨᠳᠢᠪᠯᠠᠭᠰᠠᠨ ᠵᠣᠭᠤᠰ︶ ᠢ ᠲᠣᠳᠣᠷᠬᠠᠢ ᠲᠡᠮᠳᠡᠭᠯᠡᠵᠦ᠂ ᠭᠡᠷᠡᠴᠢ ᠪᠠᠷᠢᠮᠲᠠ ᠪᠠᠷ ᠢᠶᠠᠨ ᠬᠠᠨᠳᠢᠪᠯᠠᠭᠰᠠᠨ ᠪᠠᠷᠢᠮᠲᠠ ᠶᠢ ᠰᠣᠯᠢᠵᠤ ᠠᠪᠬᠤ ᠬᠡᠷᠡᠭᠲᠡᠢ᠃      ︵ᠲᠤᠰ ᠨᠢᠭᠤᠷ ᠲᠤ ᠭᠤᠣᠯ ᠠᠭᠤᠯᠭ᠎ᠠ ᠪᠠᠶᠢᠬᠤ ᠦᠭᠡᠢ︶                                      ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                           2023 ᠣᠨ ᠤ 8 ᠳ᠋ᠤᠭᠠᠷ ᠰᠠᠷ᠎ᠠ ᠶᠢᠨ 25 ᠤ ᠡᠳᠦᠷ                                  ᠬᠠᠭᠤᠯᠤᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠬᠤᠷᠢᠶ᠎ᠠ ᠶᠢᠨ ᠠᠯᠪᠠᠨ ᠭᠡᠷ᠂ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       2023 ᠣᠨ ᠤ 8 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠳᠤᠭ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ