2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠢ 9 ᠰᠠᠷ᠎ᠠ ᠶᠢᠨ 1 ᠤ ᠡᠳᠦᠷ ᠠᠴᠠ ᠡᠬᠢᠯᠡᠵᠦ ᠲᠤᠰᠢᠶᠠᠨ᠎ᠠ
ᠨᠡᠶᠢᠲᠡᠯᠡᠭᠰᠡᠨ ᠴᠠᠭ᠄
2023/8/25
      ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ︵ᠮᠠᠯᠴᠢᠨ ᠲᠠᠷᠢᠶᠠᠴᠢᠨ︶ ᠲᠤ᠄       ︽  2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2023﹈ 18 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ ᠪᠥᠬᠦᠶ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠳᠠᠭᠠᠳᠬᠠᠯ ᠳᠤ ᠣᠷᠣᠯᠴᠠᠬᠤ ᠬᠦᠮᠦᠰ      ⒈ ᠬᠠᠷᠢᠶ᠎ᠠ ᠭᠠᠵᠠᠷ ᠲᠠᠭᠠᠨ ᠳᠠᠭᠠᠳᠬᠠᠯ ᠳᠤ ᠣᠷᠣᠯᠴᠠᠬᠤ ᠵᠠᠷᠴᠢᠮ ᠶᠣᠰᠣᠭᠠᠷ᠂ ᠠᠵᠢᠯᠲᠠᠨ ᠠᠵᠢᠯᠴᠢᠨ ᠠᠴᠠ ᠪᠤᠰᠤᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠲᠣᠰ ᠬᠤᠲᠠ ᠶᠢᠨ ᠡᠷᠦᠬᠡ ᠠᠮᠠ ᠲᠠᠢ ᠬᠤᠲᠠ ᠬᠥᠳᠡᠭᠡ ᠶᠢᠨ ᠰᠠᠭᠤᠭᠠᠯᠢ ᠠᠷᠠᠳ︔      ⒉ᠲᠤᠰ ᠬᠤᠲᠠ ᠶᠢᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠳᠤᠮᠳᠠᠳᠤ᠂ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ︔       ⒊ᠲᠣᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷᠠᠬᠢ ᠣᠷᠣᠰᠢᠨ ᠰᠠᠭᠤᠬᠤ ᠦᠨᠡᠮᠯᠡᠯ ︵ᠬᠦᠴᠦᠨ ᠲᠠᠢ ᠬᠤᠭᠤᠴᠠᠭᠠᠨ ᠳᠣᠲᠣᠷ᠎ᠠ︶ ᠲᠠᠢ ᠬᠦᠮᠦᠰ᠃      ᠬᠤᠶᠠᠷ᠂ ᠵᠠᠷᠤᠳᠠᠯ ᠲᠤᠰᠢᠶᠠᠬᠤ ᠪᠠᠷᠢᠮᠵᠢᠶ᠎ᠠ ᠪᠠ ᠲᠥᠪᠯᠡᠷᠡᠭᠦᠯᠦᠨ ᠳᠠᠭᠠᠳᠬᠠᠯ ᠳᠤ ᠣᠷᠣᠯᠴᠠᠬᠤ ᠬᠤᠭᠤᠴᠠᠭ᠎ᠠ      2024 ᠣᠨ ᠤ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠵᠠᠷᠤᠳᠠᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 400 ᠲᠥᠭᠦᠷᠢᠭ᠃      2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 20 ᠤ ᠡᠳᠦᠷ ᠪᠣᠯᠲᠠᠯ᠎ᠠ ᠲᠥᠪᠯᠡᠷᠡᠩᠭᠦᠢ ᠪᠠᠷ ᠳᠠᠭᠠᠳᠬᠠᠯ ᠳᠤ ᠣᠷᠣᠯᠴᠠᠨ᠎ᠠ᠂ ᠳᠠᠭᠠᠳᠬᠠᠯ ᠳᠤ ᠣᠷᠣᠯᠴᠠᠭᠰᠠᠳ ᠲᠥᠪᠯᠡᠷᠡᠭᠦᠯᠦᠨ ᠳᠠᠭᠠᠳᠬᠠᠯ ᠳᠤ ᠣᠷᠣᠯᠴᠠᠬᠤ ᠬᠤᠭᠤᠴᠠᠭᠠᠨ ᠳᠤ ᠵᠠᠷᠤᠳᠠᠯ ᠢᠶᠠᠨ ᠲᠤᠰᠢᠶᠠᠬᠤ ᠬᠡᠷᠡᠭᠲᠡᠶ᠃ ᠵᠠᠷᠤᠳᠠᠯ ᠢᠶᠠᠨ ᠲᠤᠰᠢᠶᠠᠭᠠᠳ ᠳᠠᠭᠠᠳᠬᠠᠯ ᠳᠤ ᠣᠷᠣᠭᠰᠠᠨ ᠤ ᠳᠠᠷᠠᠭ᠎ᠠ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠲᠡᠨ᠎ᠡ᠃ ᠲᠥᠪᠯᠡᠷᠡᠭᠦᠯᠦᠨ ᠳᠠᠭᠠᠳᠬᠠᠯ ᠳᠤ ᠣᠷᠣᠯᠴᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠣᠨᠴᠠ ᠬᠦᠴᠢᠷᠳᠡᠯᠲᠡᠶ ᠠᠰᠠᠷᠠᠨ ᠬᠠᠷᠠᠭᠠᠯᠵᠠᠭᠤᠯᠬᠤ ᠬᠥᠮᠦᠰ᠂ ᠥᠨᠥᠴᠢᠨ ᠬᠡᠦᠬᠡᠳ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠬᠦᠷᠲᠡᠭᠰᠡᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠭᠤᠯᠭ᠎ᠠ ᠠᠴᠠ ᠲᠣᠭᠲᠠᠭᠠᠭᠰᠠᠨ ᠬᠢᠨᠠᠨ ᠰᠢᠨᠵᠢᠬᠦ ᠬᠦᠮᠦᠰ ︵ᠲᠣᠭᠲᠠᠪᠤᠷᠢᠲᠠᠢ ᠶᠠᠳᠠᠭᠤ ᠠᠴᠠ ᠠᠩᠭᠢᠵᠢᠷᠠᠭᠠᠳᠤᠢ ᠡᠷᠦᠬᠡ᠂ ᠠᠮᠠᠷᠬᠠᠨ ᠶᠠᠳᠠᠭᠤᠷᠠᠵᠤ ᠮᠡᠳᠡᠬᠦ ᠬᠥᠮᠦᠰ ᠪᠠ ᠭᠡᠨᠡᠳᠲᠡ ᠶᠢᠨ ᠤᠴᠢᠷ ᠠᠴᠠ ᠪᠣᠯᠣᠭᠰᠠᠨ ᠣᠨᠴᠠ ᠬᠦᠴᠢᠷᠳᠡᠯᠲᠡᠶ ᠡᠷᠦᠬᠡ︶᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ ᠪᠠᠶᠢᠭ᠎ᠠ ᠬᠥᠮᠦᠰ᠂ ᠠᠮᠠᠷᠬᠠᠨ ᠶᠠᠳᠠᠭᠤᠷᠠᠵᠤ ᠮᠡᠳᠡᠬᠦ ᠬᠦᠮᠦᠰ᠂ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠵᠡᠮᠳᠡᠭᠴᠦᠳ᠂ ᠲᠤᠬᠠᠶ ᠶᠢᠨ ᠵᠢᠯ ᠳᠤ ᠲᠥᠷᠥᠭᠰᠡᠨ ᠨᠢᠯᠬ᠎ᠠ ᠬᠡᠦᠬᠡᠳ ᠪᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠠᠰᠤᠯᠳᠠᠭᠤᠯᠵᠤ ᠲᠤᠰᠢᠶᠠᠭᠰᠠᠨ 3 ᠰᠠᠷ᠎ᠠ ᠶᠢᠨ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ  ᠳᠤ ᠣᠷᠣᠯᠴᠠᠭᠰᠠᠨ ᠬᠥᠮᠦᠰ ᠲᠥᠪᠯᠡᠷᠡᠭᠦᠯᠦᠨ ᠳᠠᠭᠠᠳᠬᠠᠯ ᠳᠤ ᠣᠷᠣᠯᠴᠠᠬᠤ ᠬᠤᠭᠤᠴᠠᠭᠠᠨ ᠳᠠᠬᠢ ᠵᠠᠷᠤᠳᠠᠯ ᠲᠤᠰᠢᠶᠠᠬᠤ ᠪᠠᠷᠢᠮᠵᠢᠶ᠎ᠠ ᠶᠣᠰᠣᠭᠠᠷ ᠳᠠᠭᠠᠳᠬᠠᠯ ᠳᠤ ᠣᠷᠣᠯᠴᠠᠵᠤ ᠪᠣᠯᠤᠨ᠎ᠠ᠂ ᠣᠯᠭᠤᠮᠵᠢ ᠬᠦᠯᠢᠶᠡᠬᠦ ᠬᠤᠭᠤᠴᠠᠭ᠎ᠠ ᠭᠡᠵᠦ ᠳᠣᠭᠢᠷᠠᠭᠤᠯᠬᠤ ᠥᠬᠡᠶ᠃ ᠪᠤᠰᠤᠳ ᠬᠥᠮᠦᠰ ᠲᠥᠪᠯᠡᠷᠡᠭᠦᠯᠦᠨ ᠳᠠᠭᠠᠳᠬᠠᠯ ᠳᠤ ᠣᠷᠣᠯᠴᠠᠬᠤ ᠬᠤᠭᠤᠴᠠᠭᠠᠨ ᠳᠠᠬᠢ ᠵᠠᠷᠤᠳᠠᠯ ᠲᠤᠰᠢᠶᠠᠬᠤ ᠪᠠᠷᠢᠮᠵᠢᠶ᠎ᠠ ᠶᠣᠰᠣᠭᠠᠷ ᠳᠠᠭᠠᠳᠬᠠᠯ ᠳᠤ ᠣᠷᠣᠯᠴᠠᠵᠤ ᠪᠣᠯᠣᠨ᠎ᠠ᠂ 3 ᠰᠠᠷ᠎ᠠ ᠶᠢᠨ ᠣᠯᠭᠤᠮᠵᠢ ᠬᠦᠯᠢᠶᠡᠬᠦ ᠬᠤᠭᠤᠴᠠᠭ᠎ᠠ ᠲᠣᠬᠢᠷᠠᠭᠤᠯᠤᠨ᠎ᠠ᠃      ᠭᠤᠷᠪᠠ᠂ ᠬᠤᠯᠪᠣᠭᠳᠠᠯ ᠪᠥᠬᠦᠶ ᠬᠦᠮᠦᠰ ᠵᠠᠷᠤᠳᠠᠯ ᠲᠤᠰᠢᠶᠠᠵᠤ ᠳᠠᠭᠠᠳᠬᠠᠯ ᠳᠤ ᠣᠷᠣᠯᠴᠠᠬᠤ      ︵ᠨᠢᠭᠡ︶ ᠲᠣᠰ ᠬᠤᠲᠠ ᠶᠢᠨ ᠡᠷᠦᠬᠡ ᠠᠮᠠ ᠲᠠᠢ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠵᠡᠮᠳᠡᠭᠴᠦᠳ ︵ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠬᠥᠮᠦᠰ ᠪᠠᠭᠲᠠᠨ᠎ᠠ︶ ᠤᠨ ᠬᠤᠪᠢ ᠬᠥᠮᠦᠨ ᠤ ᠲᠤᠰᠢᠶᠠᠬᠤ ᠳᠠᠭᠠᠳᠬᠠᠯ ᠤᠨ ᠵᠠᠷᠤᠳᠠᠯ ᠢ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠠᠴᠠ ᠪᠦᠬᠦᠨ ᠢ ᠲᠤᠰᠢᠶᠠᠵᠤ ᠥᠭᠭᠦᠨ᠎ᠡ᠃      ︵ᠬᠤᠶᠠᠷ︶ ᠲᠣᠰ ᠬᠤᠲᠠ ᠶᠢᠨ ᠡᠷᠦᠬᠡ ᠠᠮᠠ ᠲᠠᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠪᠤᠷᠢ ᠭᠥᠷᠳᠡᠭᠰᠡᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠭᠤᠯᠭ᠎ᠠ ᠠᠴᠠ ᠲᠣᠭᠲᠠᠭᠠᠭᠰᠠᠨ ᠬᠢᠨᠠᠨ ᠰᠢᠨᠵᠢᠬᠦ ᠬᠦᠮᠦᠰ ︵ᠶᠠᠳᠠᠭᠤ ᠠᠴᠠ ᠲᠣᠭᠲᠠᠪᠤᠷᠢᠲᠠᠢ ᠠᠩᠭᠢᠵᠢᠷᠠᠭᠠᠳᠤᠢ ᠡᠷᠦᠬᠡ᠂ ᠠᠮᠠᠷᠬᠠᠨ ᠶᠠᠳᠠᠭᠤᠷᠠᠵᠤ ᠮᠡᠳᠡᠬᠦ ᠬᠥᠮᠦᠰ ᠪᠠ ᠭᠡᠨᠡᠳᠲᠡ ᠶᠢᠨ ᠤᠴᠢᠷ ᠠᠴᠠ ᠪᠣᠯᠣᠭᠰᠠᠨ ᠣᠨᠴᠠ ᠬᠦᠴᠢᠷᠳᠡᠯᠲᠡᠶ ᠡᠷᠦᠬᠡ︶᠂ ᠶᠠᠳᠠᠭᠤ  ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ ᠪᠠᠶᠢᠭ᠎ᠠ ᠬᠥᠮᠦᠰ᠂ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠬᠦᠮᠦᠰ ︵ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠬᠥᠮᠦᠰ ᠪᠠᠭᠲᠠᠨ᠎ᠠ︶ ᠲᠤ ︽ᠤᠷᠢᠳᠠᠪᠠᠷ ᠵᠠᠷᠤᠳᠠᠯ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠬᠤᠪᠢ ᠬᠥᠮᠦᠨ ᠤ ᠵᠠᠷᠤᠳᠠᠯ ᠲᠤᠰᠢᠶᠠᠬᠤ ᠪᠠᠷᠢᠮᠵᠢᠶ᠎ᠠ ᠶᠣᠰᠣᠭᠠᠷ ᠬᠤᠪᠢ ᠬᠥᠮᠦᠨ ᠤ ᠲᠤᠰᠢᠶᠠᠬᠤ ᠵᠠᠷᠤᠳᠠᠯ ᠢᠶᠠᠨ ᠪᠦᠬᠦᠨ ᠢ ᠲᠤᠰᠢᠶᠠᠵᠤ᠂ ᠡᠯ᠎ᠡ ᠬᠤᠰᠢᠭᠤ ᠲᠣᠭᠤᠷᠢᠭ ᠬᠥᠮᠦᠨ ᠪᠦᠷᠢ 350 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨ᠎ᠡ᠃      ︵ᠭᠤᠷᠪᠠ︶ ᠲᠤᠬᠠᠶ ᠶᠢᠨ ᠵᠢᠯ ᠳᠤ ᠲᠥᠷᠥᠭᠰᠡᠨ ᠨᠢᠯᠬ᠎ᠠ ᠬᠡᠦᠬᠡᠳ ︽ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠣᠷᠳᠣᠰ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2021﹈ 51 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠢᠶᠠᠷ ᠳᠠᠭᠠᠳᠬᠠᠯ ᠳᠤ ᠣᠷᠣᠯᠴᠠᠵᠤ ᠵᠠᠷᠤᠳᠠᠯ ᠲᠤᠰᠢᠶᠠᠨ᠎ᠠ᠃ ᠡᠭᠦᠨ ᠤ ᠬᠠᠮᠲᠤ᠂ ︽ᠰᠠᠶ᠋ᠢ ᠲᠥᠷᠥᠭᠰᠡᠨ ᠨᠢᠯᠬ᠎ᠠ ᠬᠡᠦᠬᠡᠳ ᠤᠨ ︿ᠨᠢᠭᠡ ᠤᠴᠢᠷ﹀ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠰᠢᠶᠳᠪᠦᠷᠢᠯᠡᠬᠦ ᠶᠢ ᠠᠬᠢᠭᠤᠯᠬᠤ ᠲᠤᠬᠠᠶ ᠣᠷᠳᠣᠰ ᠬᠤᠲᠠ ᠶᠢᠨ ︿ᠨᠢᠭᠡ ᠤᠴᠢᠷ ᠢ ᠨᠢᠭᠡᠯᠠ ᠤᠳᠠᠭ᠎ᠠ ᠳᠤ ᠭᠦᠶᠴᠡᠳᠬᠡᠬᠦ﹀ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠮᠡᠳᠡᠭᠳᠡᠯ︾  ︵ᠣᠷᠳᠣᠰ ᠵᠠᠰᠠᠭ ᠤᠨ ᠶᠠᠪᠤᠳᠠᠯ ᠲᠠᠷᠬᠠᠭᠠᠭᠰᠠᠨ ﹇2022﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠠᠶ᠋ᠢ ᠲᠥᠷᠥᠭᠰᠡᠨ ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ︵ᠳᠥᠷᠪᠡ︶ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠤᠷᠤᠭᠴᠢᠳ ᠥᠪᠡᠰᠦᠪᠡᠨ ᠳᠠᠭᠠᠳᠬᠠᠯ ᠳᠤ ᠣᠷᠣᠯᠴᠠᠵᠤ ᠵᠠᠷᠤᠳᠠᠯ ᠢᠶᠠᠨ ᠲᠤᠰᠢᠶᠠᠨ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠠᠴᠠ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ ᠪᠠ ᠮᠡᠳᠡᠭᠡ ᠵᠠᠩᠭᠢ ᠪᠦᠷᠢᠳᠬᠡᠬᠦ ᠠᠵᠢᠯ ᠢ ᠰᠠᠶᠢᠲᠤᠷ ᠬᠢᠵᠦ᠂ ᠵᠠᠷᠤᠳᠠᠯ ᠢ ᠲᠥᠪᠯᠡᠷᠡᠭᠦᠯᠵᠦ ᠣᠷᠣᠯᠠᠨ ᠬᠤᠷᠢᠶᠠᠬᠤ ᠦᠭᠡᠶ᠃      ︵ᠲᠠᠪᠤ︶ ᠳᠠᠭᠠᠳᠬᠠᠯ ᠳᠤ ᠣᠷᠣᠯᠴᠠᠭᠴᠢ ᠣᠯᠠᠨ ᠳᠠᠪᠬᠤᠷ ᠪᠡᠶ᠎ᠡ ᠶᠢᠨ ᠭᠠᠷᠤᠯ ᠲᠠᠢ ᠪᠣᠯ᠂ ᠬᠠᠮᠤᠭ ᠤᠨ ᠥᠨᠳᠥᠷ ᠲᠤᠰᠠᠯᠠᠬᠤ ᠪᠠᠷᠢᠮᠵᠢᠶ᠎ᠠ ᠪᠠᠷ ᠨᠥᠬᠦᠪᠦᠷᠢᠯᠡᠵᠦ᠂ ᠳᠠᠪᠬᠤᠷᠳᠠᠭᠤᠯᠤᠨ ᠨᠥᠬᠦᠪᠦᠷᠢᠯᠡᠬᠦ ᠦᠭᠡᠶ᠃      ᠳᠥᠷᠪᠡ᠂ ᠵᠠᠷᠤᠳᠠᠯ ᠲᠤᠰᠢᠶᠠᠬᠤ ᠠᠷᠭ᠎ᠠ ᠵᠠᠮ      ᠳᠠᠭᠠᠳᠬᠠᠯ ᠳᠤ ᠣᠷᠣᠯᠴᠠᠭᠴᠢ ᠸᠢᠴᠠᠲ ᠤᠨ ᠵᠢᠵᠢᠭ ᠫᠷᠤᠭ᠍ᠷᠠᠮ᠂ ᠸᠢᠴᠠᠲ ᠤᠨ ᠬᠤᠲᠠ ᠶᠢᠨ ᠦᠶᠯᠡᠴᠢᠯᠡᠭᠡ᠂ ᠲᠣᠭᠠᠴᠠᠭ᠎ᠠ ᠬᠢᠬᠦ ᠡᠷᠳᠡᠨᠢ ᠶᠢᠨ ᠬᠤᠲᠠ ᠶᠢᠨ ᠠᠷᠠᠳ ᠤᠨ ᠲᠥᠪ᠂ ᠮᠥᠩᠬᠡ ᠰᠤᠪᠠᠭ᠂ ᠭᠠᠶᠢᠯᠢ ᠶᠢᠨ ᠶᠠᠪᠤᠳᠠᠯ ᠤᠨ ᠭᠠᠷ ᠤᠲᠠᠰᠤᠨ ᠤ APP᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ WEB ᠲᠠᠪᠴᠠᠩ ᠵᠡᠷᠭᠡ ᠪᠠᠷ ᠳᠠᠮᠵᠢᠭᠤᠯᠤᠨ ︽ᠰᠦᠯᠵᠢᠶᠡᠨ ᠳᠡᠭᠡᠷ᠎ᠡ︾ ᠵᠠᠷᠤᠳᠠᠯ ᠲᠤᠰᠢᠶᠠᠵᠤ ᠪᠣᠯᠤᠨ᠎ᠠ᠂ ᠭᠠᠶᠢᠯᠢ ᠶᠢᠨ ᠶᠠᠪᠤᠳᠠᠯ ᠤᠨ ᠲᠢᠩᠬᠢᠮ᠂ ᠬᠤᠷᠰᠢᠭᠰᠠᠨ ᠪᠠᠩᠬᠢ ︵ᠪᠥᠲᠥᠭᠡᠨ ᠪᠠᠶᠢᠭᠤᠯᠤᠯᠲᠠ ᠶᠢᠨ ᠪᠠᠩᠬᠢ᠂ ᠭᠤᠸᠠᠩ ᠳ᠋ᠠ ᠪᠠᠩᠬᠢ ᠵᠡᠷᠭᠡ︶ ᠶᠢᠨ ᠯᠠᠩᠭᠦᠶ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠢᠤᠢ ᠨᠦᠡᠭ ᠲᠦᠡᠭ᠂ ᠣᠷᠣᠯᠠᠨ ᠬᠤᠷᠢᠶᠠᠬᠤ ᠨᠢᠭᠡᠴᠢ ᠶᠢᠨ ᠬᠡᠷᠡᠭᠯᠡᠭᠴᠢᠳ ᠤᠨ ᠲᠠᠪᠴᠠᠩ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ ᠤ ᠳᠤᠭᠤᠶᠢᠯᠠᠩ︶ ᠤᠨ ᠡᠭᠦᠯᠡᠨ POS ᠺᠠᠷᠲ ᠤᠨ ᠵᠠᠷᠤᠳᠠᠯ ᠲᠤᠰᠢᠶᠠᠬᠤ ᠲᠠᠪᠴᠠᠩ ᠵᠡᠷᠭᠡ ᠪᠠᠷ ︽ᠰᠦᠯᠵᠢᠶᠡᠨ ᠭᠠᠳᠠᠨ᠎ᠠ︾  ᠵᠠᠷᠤᠳᠠᠯ ᠲᠤᠰᠢᠶᠠᠵᠤ ᠴᠤ ᠪᠣᠯᠣᠨ᠎ᠠ᠃      ᠲᠠᠪᠤ᠂ ᠬᠠᠷᠢᠯᠴᠠᠬᠤ ᠠᠷᠭ᠎ᠠ ᠬᠡᠯᠪᠡᠷᠢ      ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠰᠠᠭᠤᠨ ᠯᠠᠪᠯᠠᠬᠤ ᠤᠲᠠᠰᠤ᠄ 6283570   6221043      ᠤᠯᠠᠭᠠᠨᠪᠠᠯᠭᠠᠰᠤᠨ ᠤ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠴᠣᠩᠬᠤᠪᠴᠢ ᠶᠢᠨ ᠤᠲᠠᠰᠤ᠄ 6213072      ᠴᠢ ᠫᠠᠨ ᠵᠢᠩ ᠤᠨ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠴᠣᠩᠬᠤᠪᠴᠢ ᠶᠢᠨ ᠤᠲᠠᠰᠤ᠄ 6412366      ᠮᠧᠩ ᠰᠢ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠴᠣᠩᠬᠤᠪᠴᠢ ᠶᠢᠨ ᠤᠲᠠᠰᠤ᠄ 6445863      ᠦᠮᠡᠭᠡᠶᠢᠨᠠᠭᠤᠷ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠴᠣᠩᠬᠤᠪᠴᠢ ᠶᠢᠨ ᠤᠲᠠᠰᠤ᠄ 6562002      ᠠᠷᠪᠠᠰ ᠤᠨ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠣᠷᠣᠯᠠᠨ ᠲᠠᠲᠠᠪᠤᠷᠢᠯᠠᠬᠤ ᠴᠡᠭ ᠤᠨ ᠤᠲᠠᠰᠤ᠄ 6295095      ᠰᠦᠮᠡᠳᠦ ᠶᠢᠨ ᠭᠠᠶᠢᠯᠢ ᠶᠢᠨ ᠶᠠᠪᠤᠳᠠᠯ ᠤᠨ ᠵᠠᠷᠤᠳᠠᠯ ᠲᠤᠰᠢᠶᠠᠬᠤ ᠣᠷᠣᠯᠠᠨ ᠲᠠᠲᠠᠪᠤᠷᠢᠯᠠᠬᠤ ᠴᠡᠭ ᠤᠨ ᠤᠲᠠᠰᠤ᠄ 6295045      ᠲᠠᠶᠢᠯᠪᠤᠷᠢ᠄ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠭᠠᠶᠢᠯᠢ ᠶᠢᠨ ᠶᠠᠪᠤᠳᠠᠯ ᠤᠨ ᠴᠣᠩᠬᠤᠪᠴᠢ ᠳᠤ ᠪᠡᠯᠡᠨ ᠵᠣᠭᠤᠰ ᠬᠤᠷᠢᠶᠠᠵᠤ ᠠᠪᠬᠤ ᠦᠭᠡᠢ᠂ ᠪᠠᠩᠬᠢ ᠶᠢᠨ ᠺᠠᠷᠲ ᠢᠶᠠᠨ ᠠᠪᠴᠤ ᠵᠠᠷᠤᠳᠠᠯ ᠲᠤᠰᠢᠶᠠᠭᠠᠷᠠᠶ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ