ᠮᠠᠨ ᠤ ᠬᠤᠲᠠ 2023 ᠣᠨ ᠤ ᠴᠢᠳᠠᠪᠤᠷᠢᠲᠠᠨ ᠤ ᠠᠵᠢᠯ ᠤᠨ ᠲᠤᠰᠬᠠᠶ ᠪᠠᠯᠠ ᠮᠥᠩᠭᠦ ᠶᠢ 8151.8 ᠲᠦᠮᠡᠨ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2023/8/29
      ᠤᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠣᠷᠳᠣᠰ ᠬᠤᠲᠠ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠨᠤᠭᠤᠳ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠤᠯᠪᠤᠬᠳᠠᠯ ᠪᠥᠬᠦᠶ ᠢᠵᠢ ᠪᠦᠷᠢᠳᠦᠭᠦᠯᠬᠦ ᠠᠷᠭ᠎ᠠ ᠶᠢᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ 2023 ᠣᠨ ᠤ ᠬᠤᠲᠠ ᠶᠢᠨ ᠲᠣᠰ ᠱᠠᠲᠤᠨ ᠤ ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢ ᠬᠡᠷᠡᠭᠯᠡᠬᠦ ᠲᠦᠯᠦᠪᠯᠡᠭᠡ ᠶᠢ ᠰᠤᠳᠤᠯᠤᠨ ᠲᠣᠭᠲᠠᠭᠠᠪᠠ᠃       ᠡᠭᠦᠨ ᠳᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠵᠢᠴᠢ ᠴᠢᠳᠠᠪᠤᠷᠢᠲᠠᠨ ᠤ ᠠᠴᠢᠶᠠᠯᠠᠪᠤᠷᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠳᠤ ᠬᠡᠷᠡᠭᠯᠡᠬᠦ ᠵᠠᠷᠤᠳᠠᠯ ᠤᠨ ᠶᠡᠷᠦᠩᠬᠡᠶ ᠲᠥᠰᠦᠪ ᠲᠠᠬᠢ ᠡᠵᠡᠯᠡᠬᠦ ᠬᠠᠷᠢᠴᠡᠯ 76.1% ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠡᠯ ᠢᠶᠠᠷ 6.3 ᠳᠡᠭᠡᠭᠰᠢᠯᠡᠭᠰᠡᠨ ᠪᠠᠶᠢᠨ᠎ᠠ᠃ ᠠᠵᠢᠯ ᠦᠷᠨᠢᠬᠦᠯᠦᠭᠰᠡᠨ ᠪᠠᠶᠢᠳᠠᠯ ᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠠᠩᠬ᠎ᠠ ᠪᠦᠯᠦᠭ ᠴᠢᠳᠠᠪᠤᠷᠢᠲᠠᠨ ᠤ ᠠᠵᠢᠯ ᠤᠨ ᠲᠤᠰᠬᠠᠶ ᠪᠠᠯᠠ ᠮᠥᠩᠭᠦ ᠶᠢ 8151.8 ᠲᠦᠮᠡᠨ ᠲᠥᠭᠦᠷᠢᠭ ᠪᠠᠭᠤᠯᠭᠠᠵᠤ᠂ ᠴᠢᠳᠠᠪᠤᠷᠢᠲᠠᠨ ᠢ ᠤᠷᠢᠨ ᠠᠪᠴᠢᠷᠠᠵᠤ ᠴᠢᠳᠠᠪᠤᠷᠢᠲᠠᠨ ᠢ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ ᠬᠤᠯᠪᠤᠬᠳᠠᠯ ᠪᠥᠬᠦᠶ ᠵᠠᠷᠤᠳᠠᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠤᠷᠢᠳ ᠢᠶᠠᠷ ᠪᠠᠲᠤᠯᠠᠪᠠ᠃       ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠬᠤᠲᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠲᠠᠢ ᠬᠠᠮᠵᠢᠯᠴᠠᠨ ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢᠨ ᠲᠥᠰᠦᠪ᠂ ᠬᠤᠪᠢᠶᠠᠷᠢᠯᠠᠯᠲᠠ᠂ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠯᠠ ᠮᠥᠩᠭᠦ ᠬᠡᠷᠡᠭᠯᠡᠬᠦ ᠰᠠᠯᠠᠭ᠎ᠠ ᠮᠥᠴᠢᠷ ᠢ ᠵᠢᠯᠣᠭᠤᠳᠤᠨ ᠲᠤᠰᠬᠠᠶ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠯᠭᠡᠵᠦ᠂ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠳᠤ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠭᠢᠵᠤ᠂ ᠴᠢᠳᠠᠪᠤᠷᠢᠲᠠᠨ ᠤ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠡᠬᠡᠭᠰᠢᠯᠡᠬᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠤᠨ᠎ᠠ︔ ᠴᠢᠳᠠᠪᠤᠷᠢᠲᠠᠨ ᠣᠷᠣᠭᠤᠯᠬᠤ ᠲᠣᠭᠲᠠᠴᠠ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ᠂ ᠲᠣᠬᠢᠷᠠᠭᠤᠯᠬᠤ ᠪᠠ ᠲᠡᠭᠦᠯᠳᠡᠷᠵᠢᠭᠦᠯᠬᠦ ᠳᠤ ᠢᠳᠡᠪᠬᠢᠲᠡᠶ ᠣᠷᠣᠯᠴᠠᠵᠤ᠂ ᠮᠠᠨ ᠤ ᠬᠤᠲᠠ ᠶᠢᠨ ᠴᠢᠳᠠᠪᠤᠷᠢᠲᠠᠨ ᠣᠷᠣᠭᠤᠯᠬᠤ᠂ ᠬᠥᠮᠦᠵᠢᠭᠦᠯᠬᠦ᠂ ᠲᠠᠪᠴᠠᠩ ᠪᠠᠶᠢᠭᠤᠯᠬᠤ ᠵᠡᠷᠭᠡ ᠠᠵᠢᠯ ᠳᠤ ᠬᠦᠴᠦᠨ ᠨᠡᠮᠡᠷᠢᠯᠡᠵᠦ᠂ ᠴᠢᠳᠠᠪᠤᠷᠢᠲᠠᠨ ᠤ ᠠᠵᠢᠯ ᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠤᠯᠬᠤ ᠶᠢ ᠬᠠᠮᠲᠤ ᠪᠠᠷ ᠠᠬᠢᠭᠤᠯᠬᠤ ᠪᠤᠯᠤᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ