ᠭᠤᠤ ᠬᠤᠸᠠᠢ ᠵᠢᠩ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ ᠵᠠᠬᠢᠳᠠᠯ ᠰᠤᠷᠪᠤᠯᠵᠢᠯᠠᠯ ᠤᠨ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2023/8/3
      8 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠬᠤ ᠶᠢᠨ ᠬᠠᠮᠲᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠠᠵᠢᠯ ᠳᠤ ᠲᠣᠬᠢᠷᠠᠭᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠪᠢᠶᠤᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢᠦ ᠲᠢᠶᠠᠨ ᠶᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
图片1.jpg
      ᠰᠤᠷᠪᠤᠯᠵᠢᠯᠠᠯ ᠢ ᠬᠦᠯᠢᠶᠡᠨ ᠠᠪᠬᠤ ᠲᠠᠰᠤᠭ ᠲᠤ ᠬᠦᠷᠦᠭᠡᠳ ᠭᠤᠤ ᠬᠤᠸᠠᠢ ᠵᠢᠩ ᠪᠦᠬᠦ ᠬᠤᠰᠢᠭᠤᠨ ᠤ ᠵᠢᠷᠭᠤᠭᠠᠨ ᠰᠤᠮᠤ ᠪᠠᠯᠭᠠᠰᠤᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠲᠤᠬᠢᠷᠠᠭᠤᠯᠵᠤ᠂ ᠡᠯ᠎ᠡ ᠰᠤᠮᠤ ᠪᠠᠯᠭᠠᠰᠤᠨ ᠤ ᠰᠤᠷᠪᠤᠯᠵᠢᠯᠠᠯ ᠢ ᠬᠦᠯᠢᠶᠡᠨ ᠠᠪᠬᠤ ᠺᠠᠳ᠋ᠷᠴᠤᠳ ᠲᠠᠢ ᠸᠢᠳᠢᠣ᠋ ᠪᠠᠷ ᠬᠠᠷᠢᠯᠴᠠᠨ᠂ ᠵᠢᠵᠢᠭᠦᠷᠯᠡᠵᠦ ᠰᠤᠷᠪᠤᠯᠵᠢᠯᠠᠯ ᠬᠦᠯᠢᠶᠡᠨ ᠠᠪᠬᠤ ᠪᠠᠶᠢᠳᠠᠯ ᠵᠢᠴᠢ ᠵᠠᠬᠢᠳᠠᠯ ᠰᠤᠷᠪᠤᠯᠵᠢᠯᠠᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠳᠣᠬᠠᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠭᠤᠤ ᠬᠤᠸᠠᠢ ᠵᠢᠩ ᠬᠡᠯᠡᠬᠦ ᠳᠡᠭᠡᠨ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠤᠯᠠᠨ ᠲᠦᠮᠡᠨ ᠲᠠᠢ ᠬᠤᠯᠪᠤᠭᠳᠠᠭᠰᠠᠨ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠵᠢᠯ ᠮᠥᠨ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠬᠦ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠡᠯ᠎ᠡ ᠰᠤᠮᠤ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠢᠵᠢᠭᠦᠷᠯᠡᠨ ᠰᠤᠷᠪᠤᠯᠵᠢᠯᠠᠯ ᠢ ᠭᠥᠯᠢᠶᠡᠨ ᠠᠪᠬᠤ᠂ ᠤᠳᠤᠷᠢᠳᠤᠯᠭ᠎ᠠ ᠳᠠᠭᠠᠭᠠᠴᠢᠯᠠᠬᠤ᠂ ᠳᠠᠷᠤᠭᠳᠠᠮᠠᠯ ᠬᠡᠷᠡᠭ ᠢ ᠠᠷᠢᠯᠭᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠵᠢᠯᠲᠠᠨ ᠢ ᠲᠣᠭᠲᠠᠭᠤᠨ ᠢᠶᠠᠷ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠪᠣᠯᠵᠣᠵᠤ ᠰᠤᠷᠪᠤᠯᠵᠢᠯᠠᠬᠤ ᠠᠵᠢᠯ ᠤᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠠᠵᠢᠯ ᠥᠷᠨᠢᠭᠦᠯᠬᠦ ᠲᠣᠬᠢᠶᠠᠯ ᠢ ᠠᠰᠢᠭᠯᠠᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠪᠠ ᠵᠥᠷᠢᠴᠡᠯ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠶᠡᠬᠡᠪᠡᠷ ᠠᠬᠢᠭᠤᠯᠵᠤ᠂ ᠺᠠᠳ᠋ᠷᠴᠤᠳ ᠢ ᠢᠯᠡᠭᠦᠬᠡᠨ ᠭᠦᠶᠦᠯᠭᠡᠨ᠂ ᠤᠯᠠᠨ ᠲᠦᠮᠡᠨ ᠢ ᠳᠤᠲᠠᠭᠤ ᠭᠦᠶᠦᠯᠭᠡᠵᠦ᠂ ᠤᠯᠠᠨ ᠲᠦᠮᠡᠨ ᠤ ᠰᠠᠨᠠᠭᠠᠰᠢᠷᠠᠨ ᠵᠣᠪᠠᠵᠤ ᠪᠠᠶᠢᠭ᠎ᠠ ᠶᠠᠪᠤᠳᠠᠯ ᠢ ᠭᠡᠷ ᠤᠨ ᠬᠢᠨᠢ ᠡᠭᠦᠳᠡᠨ ᠳᠤ ᠰᠢᠢᠳᠪᠦᠷᠢᠯᠡᠬᠦ ᠬᠡᠷᠡᠭᠲᠡᠢ᠃ ᠰᠤᠮᠤ ᠪᠠᠯᠭᠠᠰᠤᠨ ᠤ ᠵᠠᠬᠢᠳᠠᠯ ᠰᠤᠷᠪᠤᠯᠵᠢᠯᠠᠯ ᠤᠨ ᠠᠵᠢᠯ ᠢ ᠬᠢᠨᠠᠨ ᠰᠢᠯᠭᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠳᠠᠷᠠᠭ᠎ᠠ ᠨᠢ᠂ ᠭᠤᠤ ᠬᠤᠸᠠᠢ ᠵᠢᠩ ᠬᠤᠶᠠᠷ ᠪᠦᠯᠦᠭ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠨᠤᠰᠤᠨ᠂ ᠬᠦᠯᠢᠴᠡᠩᠭᠦᠢ ᠨᠢᠮᠪᠠᠢ ᠬᠠᠷᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠭᠠᠭᠠᠯᠭᠠᠵᠤ᠂ ᠰᠢᠢᠳᠪᠦᠷᠢᠯᠡᠬᠦ ᠠᠷᠭ᠎ᠠ ᠶᠢ ᠠᠯᠢ ᠲᠦᠷᠭᠡᠨ ᠢᠶᠠᠷ ᠰᠤᠳᠤᠯᠤᠨ ᠲᠣᠭᠲᠠᠭᠠᠯᠭᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ