ᠬᠡᠷᠡᠶᠢᠳ ᠳᠠᠯᠠᠶᠢᠪᠠᠶᠠᠷ
ᠨᠡᠶᠢᠲᠡᠯᠡᠭᠰᠡᠨ ᠴᠠᠭ᠄
2023/8/31
      1966 ᠤᠨ ᠤ 2 ᠰᠠᠷ᠎ᠠ ᠶᠢᠨ 3 ᠤ ᠡᠳᠦᠷ ᠦᠦᠰᠢᠨ ᠬᠤᠰᠢᠭᠤᠨ ᠤ ᠭᠠᠯᠠᠭᠤᠲᠤ ᠰᠤᠮᠤᠨ ᠤ ᠰᠠᠷᠠᠭᠤᠯᠨᠤᠲᠤᠭ ᠭᠠᠴᠠᠭᠠᠨ ᠤ ᠵᠡᠭᠦᠨ ᠬᠢᠵᠠᠭᠠᠷ ᠲᠠᠬᠢ ᠰᠢᠷ᠎ᠠ ᠲᠠᠯ᠎ᠠ ᠭᠡᠮᠡᠬᠦ ᠭᠠᠵᠠᠷ ᠤᠶᠢᠭᠤᠷᠵᠢᠨ ᠬᠠᠷᠢᠶᠠᠨ ᠤ ᠬᠡᠷᠡᠶᠢᠳ ᠤᠪᠤᠭ ᠤᠨ ᠴᠢᠩᠼᠠᠢ᠂ ᠡᠷᠳᠡᠨᠢᠴᠢᠮᠡᠭ ᠤᠨ ᠲᠠᠪᠤᠳᠤᠭᠠᠷ ᠬᠥᠪᠡᠭᠦᠨ ᠪᠤᠯᠤᠨ ᠵᠠᠶᠠᠭᠠᠵᠠᠢ᠃ ᠬᠠᠷᠠᠬᠠᠨ ᠪᠠᠭ᠎ᠠ ᠠᠴᠠ ᠪᠠᠨ ᠮᠤᠩᠭᠤᠯ ᠠᠮᠢᠳᠤᠷᠠᠯ ᠳᠤ ᠪᠠᠨ ᠬᠠᠶᠢᠷᠠᠲᠠᠢ᠂ ᠨᠤᠮ ᠪᠢᠴᠢᠭ ᠲᠤ ᠳᠤᠷ᠎ᠠ ᠪᠠᠭ᠋ᠠᠲᠠᠢ᠂ ᠲᠡᠷᠡ 1973 ᠤᠨ ᠠᠴᠠ 1986 ᠤᠨ ᠪᠤᠯᠲᠠᠯ᠎ᠠ ᠭᠠᠯᠠᠭᠤᠲᠤ ᠰᠤᠮᠤᠨ ᠤ ᠪᠠᠭ᠎ᠠ ᠰᠤᠷᠭᠠᠭᠤᠯᠢ ᠪᠠ ᠦᠦᠰᠢᠨ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠳᠤ ᠰᠤᠷᠤᠯᠴᠠᠵᠤ᠂ 1986 ᠤᠨ ᠳᠤ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠶᠢᠨ ᠰᠠᠯᠪᠤᠷᠢ ᠶᠢᠨ ᠵᠢᠩᠬᠢᠨᠢ ᠠᠩᠭᠢ ᠳᠤ ᠰᠢᠯᠢᠳᠡᠭ ᠬᠢᠷᠢ ᠪᠥᠲᠥᠮᠵᠢ ᠪᠠᠷ ᠰᠢᠯᠭᠠᠭᠳᠠᠨ ᠤᠷᠤᠭᠠᠳ 1990 ᠤᠨ ᠳᠤ ᠲᠤᠰ ᠰᠤᠷᠭᠠᠭᠤᠯᠢ ᠠᠴᠠ ᠳᠦᠭᠦᠷᠡᠩ ᠪᠥᠲᠥᠮᠵᠢᠲᠡᠢ ᠲᠡᠭᠦᠰᠭᠡᠯ ᠤᠨ ᠭᠠᠷᠳᠠᠮᠵᠢ ᠠᠪᠴᠤ ᠤᠲᠤᠭ ᠬᠤᠰᠢᠭᠤᠨ ᠤ ᠠᠵᠢᠯ ᠮᠡᠷᠭᠡᠵᠢᠯ  ᠤᠨ ᠳᠤᠮᠳᠠᠳᠤ ᠰᠤᠷᠭᠠᠭᠤᠯᠢ ᠳᠤ ᠪᠠᠭᠰᠢ ᠶᠢᠨ ᠠᠯᠪᠠ ᠲᠠᠢ ᠠᠵᠢᠯ ᠤᠨ ᠠᠩᠬᠠᠨ ᠤ ᠳᠥᠷᠥᠭᠡ ᠬᠢᠰᠬᠢᠵᠡᠢ᠃ ᠲᠡᠷᠡ ᠪᠠᠷ ᠠᠷᠠᠳ ᠤᠨ ᠪᠠᠭᠰᠢ ᠪᠤᠯᠤᠭᠰᠠᠨ ᠬᠤᠷᠢᠨ ᠬᠡᠳᠦᠨ ᠵᠢᠯ ᠳᠤ ᠮᠤᠩᠭᠤᠯ ᠰᠤᠶᠤᠯ ᠢᠶᠠᠨ ᠭᠡᠪᠡᠯ ᠠᠮᠢ ᠨᠠᠰᠤ ᠲᠠᠢ ᠪᠠᠨ ᠠᠳᠠᠯᠢ ᠨᠠᠨᠳᠢᠩᠨᠠᠵᠤ᠂ ᠮᠤᠩᠭᠤᠯ ᠵᠠᠩ ᠦᠢᠯᠡ ᠶᠢ ᠭᠤᠤᠯᠴᠢᠯᠠᠨ ᠰᠤᠳᠤᠯᠵᠤ᠂ ᠮᠤᠩᠭᠤᠯ ᠬᠡᠦᠬᠡᠳ ᠢᠶᠠᠨ ᠭᠡᠪᠡᠯ ᠨᠢᠳᠦᠨ ᠴᠡᠴᠡᠬᠡᠢ ᠲᠠᠢ ᠪᠠᠨ ᠠᠳᠠᠯᠢ ᠬᠠᠶᠢᠷᠠᠯᠠᠵᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠲᠠᠢ ᠮᠢᠩᠭ᠎ᠠ ᠭᠠᠷᠤᠢ ᠰᠤᠷᠤᠭᠴᠢ ᠶᠢ ᠬᠦᠮᠦᠵᠢᠭᠦᠯᠵᠦ ᠠᠵᠢᠯ ᠤᠨ ᠴᠢᠯᠦᠭᠡ ᠪᠠᠷ ᠢᠶᠠᠨ ᠤᠷᠳᠤᠰ ᠬᠤᠲᠠ ᠶᠢᠨ ᠮᠤᠩᠭᠤᠯ ᠳᠤᠮᠳᠠᠳᠤ ᠪᠠᠭ᠎ᠠ ᠰᠤᠷᠭᠠᠭᠤᠯᠢ ᠨᠤᠭᠤᠳ ᠤᠨ ᠵᠠᠩ ᠦᠢᠯᠡ ᠶᠢᠨ ᠬᠢᠴᠢᠶᠡᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠵᠤ᠂ ︽ᠮᠤᠩᠭᠤᠯ ᠭᠡᠷ — ᠬᠠᠨᠠᠨ ᠭᠡᠷ︾᠂ ︽ᠮᠤᠩᠭᠤᠯ ᠡᠳ᠋ᠯᠡᠯ ᠬᠡᠷᠡᠭᠯᠡᠯ︾ ᠭᠡᠬᠦ ᠬᠤᠶᠠᠷ ᠶᠡᠭᠡ ᠰᠡᠳᠦᠪ ᠢ ᠳᠠᠭᠠᠭᠠᠴᠢᠯᠠᠨ ᠪᠢᠴᠢᠵᠡᠢ᠃      ᠡᠭᠦᠨ ᠠᠴᠠ ᠭᠠᠳᠠᠨ᠎ᠠ᠂ ᠲᠡᠷᠡ ᠪᠠᠰᠠ ᠰᠤᠷᠤᠭᠴᠢᠳ ᠤᠨ ᠬᠢᠴᠢᠶᠡᠯᠯᠡᠭᠡ ᠳᠤ ᠵᠤᠷᠢᠭᠤᠯᠤᠭᠰᠠᠨ ︽ᠮᠠᠯ ᠠᠵᠤ ᠠᠬᠤᠢ ᠶᠢᠨ ᠬᠡᠷᠡᠭᠯᠡᠭᠡᠨ ᠤ ᠮᠡᠷᠭᠡᠵᠢᠯ ᠤᠨ ᠤᠩᠰᠢᠬᠤ ᠪᠢᠴᠢᠭ︾᠂ ︽ᠮᠠᠯᠵᠢᠬᠤ ᠰᠤᠶᠤᠯ ᠮᠢᠨᠤ ᠠᠮᠢᠨ ᠰᠠᠬᠢᠶ᠎ᠠ︾ ᠵᠡᠷᠭᠡ ᠨᠤᠮ ᠢ ᠳᠥᠰᠥᠪᠯᠡᠨ ᠨᠠᠶᠢᠷᠠᠭᠤᠯᠤᠭᠰᠠᠨ ᠪᠠ ︽ᠲᠡᠦᠬᠡ ᠶᠢᠨ ᠮᠡᠳᠡᠯᠭᠡ ᠶᠢ ᠴᠡᠭᠡᠵᠢᠯᠡᠬᠦ ᠳᠥᠭᠦᠮ ᠠᠷᠭ᠎ᠠ︾᠂ ︽ᠤᠳᠤᠬᠠᠨ ᠤ ᠮᠤᠩᠭᠤᠯ ᠦᠨᠳᠦᠰᠦᠲᠡᠨ ᠤ ᠰᠤᠷᠭᠠᠨ ᠬᠦᠮᠦᠵᠢᠯ ᠳᠤ ᠤᠷᠤᠰᠢᠵᠤ ᠪᠠᠶᠢᠭ᠎ᠠ ᠭᠡᠮ ᠠᠷᠬᠠᠭ ᠤᠨ ᠲᠤᠬᠠᠢ ᠦᠭᠦᠯᠡᠬᠦ ᠨᠢ︾ ᠵᠡᠷᠭᠡ ᠵᠢᠭᠠᠨ ᠰᠤᠷᠭᠠᠯᠲᠠ ᠶᠢᠨ ᠰᠤᠳᠤᠯᠭᠠᠨ ᠤ ᠦᠭᠦᠯᠡᠯ ᠤᠳ ᠢ ᠪᠢᠴᠢᠵᠦ᠂ ︽ᠥᠪᠥᠷ ᠮᠤᠩᠭᠤᠯ ᠤᠨ ᠰᠤᠷᠭᠠᠨ ᠬᠦᠮᠦᠵᠢᠯ︾ ᠰᠡᠳᠬᠦᠯ᠂ ︽ᠥᠪᠥᠷ ᠮᠤᠩᠭᠤᠯ ᠤᠨ ᠡᠳᠦᠷ ᠤᠨ ᠰᠤᠨᠢᠨ︾᠂ ︽ᠤᠷᠳᠤᠰ ᠤᠨ ᠡᠳᠦᠷ ᠤᠨ ᠰᠤᠨᠢᠨ︾ ᠳᠤ ᠨᠡᠶᠢᠲᠡᠯᠡᠭᠦᠯᠵᠦ᠂ ︽ᠤᠷᠳᠤᠰ ᠮᠤᠩᠭᠤᠯ ᠤᠨ ᠤᠪᠤᠭ ᠤᠨ ᠲᠤᠬᠠᠢ ᠳᠥᠭᠦᠮ ᠰᠢᠨᠵᠢᠯᠡᠯ︾᠂ ︽ᠵᠢᠷᠠᠨ ᠬᠠᠶᠢᠯᠠᠰᠤᠨ ᠤ ᠲᠤᠬᠠᠢ ᠦᠭᠦᠯᠡᠬᠦ ᠨᠢ︾᠂ ︽ᠰᠤᠷ ᠡᠳ᠋ᠯᠡᠯ ᠤᠨ ᠲᠤᠬᠠᠢ︾᠂ ︽ᠬᠡᠢ ᠮᠤᠷᠢ︾ ᠁ ᠵᠡᠷᠭᠡ ᠡᠷᠳᠡᠮ ᠰᠢᠨᠵᠢᠯᠡᠭᠡᠨ ᠤ ᠦᠭᠦᠯᠡᠯ ᠰᠢᠭᠦᠮᠵᠢ ᠪᠠᠷ ᠢᠶᠠᠨ ᠤᠯᠤᠰ ᠪᠤᠯᠤᠨ ᠤᠷᠤᠨ ᠤ ᠨᠢᠭᠡᠳᠦᠭᠡᠷ᠂ ᠬᠤᠶᠠᠳᠤᠭᠠᠷ ᠲᠡᠰ ᠤᠨ ᠱᠠᠩᠨᠠᠯ ᠬᠥᠬᠢᠭᠦᠯᠦᠯ ᠢ ᠳᠥᠷᠪᠡ ᠤᠳᠠᠭ᠎ᠠ ᠬᠦᠷᠲᠡᠵᠦ ᠶᠠᠪᠤᠭᠰᠠᠨ ᠲᠡᠦᠬᠡ ᠲᠠᠢ᠃ ᠤᠳᠤ ᠲᠡᠷᠡ ᠤᠤᠭᠠᠨ ᠪᠥᠲᠥᠭᠡᠯ ︽ᠤᠷᠳᠤᠰ ᠮᠤᠩᠭᠤᠯᠴᠤᠳ ᠤᠨ ᠤᠯᠠᠮᠵᠢᠯᠠᠯᠲᠤ ᠡᠳ᠋ᠯᠡᠯ ᠬᠡᠷᠡᠭᠰᠡᠯ ᠤᠨ ᠰᠤᠶᠤᠯ︾ ᠭᠡᠬᠦ ᠨᠤᠮ ᠢᠶᠠᠷ ᠢᠶᠠᠨ ᠤᠩᠰᠢᠭᠴᠢ ᠤᠯᠠᠨ ᠲᠠᠢ ᠪᠠᠨ ᠲᠠᠨᠢᠯᠴᠠᠬᠤ ᠪᠠᠷ ᠪᠠᠶᠢᠨ᠎ᠠ᠃                                 ︽ᠤᠷᠳᠤᠰ ᠮᠤᠩᠭᠤᠯᠴᠤᠳ ᠤᠨ ᠤᠯᠠᠮᠵᠢᠯᠠᠯᠲᠤ ᠡᠳ᠋ᠯᠡᠯ ᠬᠡᠷᠡᠭᠰᠡᠯ ᠤᠨ ᠰᠤᠶᠤᠯ︾  ᠬᠡᠷᠡᠶᠢᠳ ᠳᠠᠯᠠᠶᠢᠪᠠᠶᠠᠷ ᠨᠠᠶᠢᠷᠠᠭᠤᠯᠤᠨ ᠵᠤᠬᠢᠶᠠᠪᠠ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ