ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ 1.5 ᠲᠦᠮᠡ ᠭᠠᠷᠤᠢ ᠪᠠᠭᠰᠢ ᠭᠤᠷᠪᠠᠳᠤᠭᠠᠷ ᠳᠡᠰ ᠤᠨ ᠬᠥᠬᠡ ᠲᠠᠰ ᠠᠴᠠ ᠳᠡᠭᠡᠭᠰᠢᠬᠢ ᠦᠨᠡᠮᠯᠡᠯ ᠣᠯᠪᠠ
ᠨᠡᠶᠢᠲᠡᠯᠡᠭᠰᠡᠨ ᠴᠠᠭ᠄
2023/8/31
      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠤᠯᠠᠨ ᠱᠠᠲᠤᠨ ᠤ ᠪᠣᠯᠪᠠᠰᠤᠷᠠᠯ᠂ ᠪᠦᠭᠦ ᠠᠵᠢᠯᠲᠠᠨ ᠣᠷᠤᠯᠴᠠᠬᠤ᠂ ᠪᠦᠭᠦ ᠲᠠᠯ᠎ᠠ ᠪᠠᠷ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠲᠦᠪᠰᠢᠨ ᠪᠣᠯᠣᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃       2022 ᠣᠨ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠦᠷᠦᠯ ᠵᠦᠢᠯ ᠵᠡᠷᠭᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠭᠰᠢ ᠶᠢ ᠨᠡᠶᠢᠲᠡ 1.1 ᠲᠦᠮᠡ ᠭᠠᠷᠤᠢ ᠬᠥᠮᠥᠨ ᠢ ᠪᠣᠯᠪᠠᠰᠤᠷᠠᠭᠤᠯᠤᠭᠰᠠᠨ ᠤ ᠬᠠᠮᠲᠤ ᠨᠡᠶᠢᠲᠡᠯᠢᠭ ᠬᠡᠯᠡᠨ ᠤ ᠲᠦᠪᠰᠢᠨ ᠤ ᠵᠡᠷᠭᠡ ᠳᠡᠰ ᠤᠨ ᠦᠨᠡᠮᠯᠡᠯ ᠣᠯᠣᠭᠠᠳᠤᠢ 1.6 ᠲᠦᠮᠡᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠳᠤ ᠨᠡᠶᠢᠲᠡᠯᠢᠭ ᠬᠡᠯᠡᠨ ᠤ ᠲᠦᠪᠰᠢᠨ ᠤ ᠰᠢᠯᠭᠠᠯᠲᠠ ᠬᠢᠵᠦ᠂ 1.5 ᠲᠦᠮᠡ ᠭᠠᠷᠤᠢ ᠪᠠᠭᠰᠢ ᠳᠤ ᠭᠤᠷᠪᠠᠳᠤᠭᠠᠷ ᠳᠡᠰ ᠤᠨ ᠬᠥᠬᠡ ᠲᠡᠰ ᠠᠴᠠ ᠳᠡᠭᠡᠭᠰᠢᠬᠢ ᠵᠡᠷᠭᠡ ᠳᠡᠰ ᠤᠨ ᠦᠨᠡᠮᠯᠡᠯ ᠣᠯᠭᠤᠪᠠ᠃ ᠪᠦᠦ ᠰᠢᠶᠠᠩ ᠴᠦᠨ ᠪᠣᠯ ᠲᠦᠩᠯᠢᠶᠣᠣ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠪᠠᠭᠰᠢ ᠪᠣᠯᠣᠨ᠎ᠠ᠂ ᠲᠦᠩᠯᠢᠶᠣᠣ ᠬᠤᠲᠠ ᠶᠢᠨ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠪᠣᠯᠪᠠᠰᠤᠷᠠᠯ ᠤᠨ ᠳᠤᠮᠳᠠ ᠲᠤᠰᠬᠠᠢ ᠮᠡᠷᠭᠡᠵᠢᠯᠲᠡᠨ ᠪᠠᠭᠰᠢ ᠨᠠᠷ ᠲᠠᠢ ᠰᠠᠨᠠᠯ ᠢᠶᠠᠨ ᠰᠣᠯᠢᠯᠴᠠᠬᠤ ᠪᠠᠷ ᠳᠡᠮᠵᠢᠨ᠂ ᠲᠡᠷᠡ ᠥᠪᠡᠷ ᠤᠨ ᠮᠠᠰᠢ ᠣᠯᠠᠨ ᠪᠠᠭᠤᠷᠠᠢ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠨ ᠣᠯᠵᠤ ᠮᠠᠲᠠᠵᠠᠢ᠃ ᠲᠡᠷᠡ ︽ᠮᠢᠨᠤ ᠣᠳᠣ ᠶᠢᠨ ᠨᠡᠶᠢᠲᠡᠯᠢᠭ ᠬᠡᠯᠡᠨ ᠤ ᠲᠦᠪᠰᠢᠨ ᠪᠣᠯ ᠬᠤᠶᠠᠳᠤᠭᠠᠷ ᠳᠡᠰ ᠤᠨ ᠬᠥᠬᠡᠭᠴᠢᠨ ᠳᠡᠰ ᠪᠣᠯᠣᠨ᠎ᠠ᠂ ᠪᠣᠯᠪᠠᠰᠤᠷᠠᠯ ᠢᠶᠠᠷ ᠳᠠᠮᠵᠢᠨ ᠬᠦᠷᠦᠯᠴᠡᠬᠦ ᠦᠭᠡᠢ ᠲᠠᠯ᠎ᠠ ᠪᠠᠨ ᠣᠶᠢᠯᠠᠭᠠᠯ᠎ᠠ᠂ ᠪᠢ ᠶᠠᠭ ᠥᠪᠡᠷ ᠤᠨ ᠨᠡᠶᠢᠲᠡᠯᠢᠭ ᠬᠡᠯᠡᠨ ᠤ ᠲᠦᠪᠰᠢᠨ ᠢᠶᠠᠨ ᠲᠠᠰᠤᠷᠠᠯᠲᠠ ᠦᠭᠡᠢ ᠪᠣᠯᠪᠠᠰᠤᠷᠠᠭᠤᠯᠤᠨ ᠵᠠᠯᠠᠷᠠᠭᠤᠯᠵᠤ᠂ ᠵᠢᠷᠤᠮᠵᠢᠭᠤᠯᠤᠨ ᠳᠡᠭᠡᠭᠰᠢᠯᠡᠭᠦᠯᠵᠦ᠂ ᠳᠠᠷᠠᠭ᠎ᠠ ᠤᠳᠠᠭᠠᠨ ᠤ ᠨᠡᠶᠢᠲᠡᠯᠢᠭ ᠬᠡᠯᠡᠨ ᠤ ᠲᠦᠪᠰᠢᠨ ᠤ ᠰᠢᠯᠭᠠᠯᠲᠠ ᠳᠤ ᠤᠯᠠᠮ ᠨᠢᠭᠡ ᠠᠯᠬᠤᠮ ᠳᠠᠪᠰᠢᠬᠤ ᠪᠠᠷ ᠴᠢᠷᠮᠠᠶᠢᠵᠤ ᠪᠠᠶᠢᠨ᠎ᠠ︾ ᠭᠡᠪᠡ᠃       ᠣᠶᠢᠯᠠᠭᠠᠭᠰᠠᠨ ᠢᠶᠠᠷ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠪᠦᠭᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ ᠶᠢᠨ ᠨᠡᠶᠢᠲᠡᠯᠢᠭ ᠬᠡᠯᠡᠨ ᠤ ᠲᠦᠪᠰᠢᠨ ᠤ ᠵᠡᠷᠭᠡ ᠳᠡᠰ ᠤᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠵᠢᠷᠤᠮᠵᠢᠭᠤᠯᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ 5000 ᠨᠡᠷᠡᠰ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠲᠣᠬᠢᠷᠠᠭᠤᠯᠵᠤ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠥᠮᠥᠨ ᠤ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠣᠯᠣᠨ᠎ᠠ᠃   
ᠢᠷᠡᠯᠲᠡ᠄ ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ