ᠮᠠᠨ ᠤ ᠤᠷᠤᠨ 185.54 ᠳ᠋ᠦᠩᠰᠢᠭᠤᠷ ᠲᠥᠭᠦᠷᠢᠭ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠲᠠᠪᠤᠨ ᠶᠡᠭᠡ ᠡᠬᠦᠷᠭᠡ ᠶᠢᠨ ᠨᠠᠶᠢᠳᠠᠪᠤᠷᠢᠵᠢᠭᠤᠯᠤᠯᠳᠠ ᠳᠤ ᠪᠠᠳᠤᠯᠠᠭ᠎ᠠ ᠬᠠᠨᠭ᠍ᠭᠠᠵᠦ ᠪᠤᠢ
ᠨᠡᠶᠢᠲᠡᠯᠡᠭᠰᠡᠨ ᠴᠠᠭ᠄
2023/8/7
      ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2023 ᠣᠨ ᠤ ᠰᠢᠨ᠎ᠡ ᠪᠠᠷ ᠨᠡᠮᠡᠭᠳᠡᠭᠰᠡᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 185.54 ᠳ᠋ᠦᠩᠰᠢᠭᠤᠷ ᠲᠥᠭᠦᠷᠢᠭ ᠲᠠᠷᠬᠠᠭᠠᠪᠠ᠃       ᠡᠭᠦᠨ ᠳᠤ᠂ 10 ᠵᠢᠯ ᠤᠨ ᠬᠤᠭᠤᠴᠠᠭ᠎ᠠ ᠲᠠᠢ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 55.6 ᠳ᠋ᠦᠩᠰᠢᠭᠤᠷ ᠲᠥᠭᠦᠷᠢᠭ ᠲᠠᠷᠬᠠᠭᠠᠵᠤ᠂ ᠬᠦᠦ ᠮᠥᠩᠭᠦ ᠶᠢᠨ ᠨᠣᠷᠮ᠎ᠠ ᠨᠢ 2.87 % ᠳᠤ ᠬᠦᠷᠪᠡ︔ 15 ᠵᠢᠯ ᠤᠨ ᠬᠤᠭᠤᠴᠠᠭ᠎ᠠ ᠲᠠᠢ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 51.71 ᠳ᠋ᠦᠩᠰᠢᠭᠤᠷ ᠲᠥᠭᠦᠷᠢᠭ ᠲᠠᠷᠬᠠᠭᠠᠵᠤ᠂ ᠬᠦᠦ ᠮᠥᠩᠭᠦ ᠶᠢᠨ ᠨᠣᠷᠮ᠎ᠠ ᠨᠢ 3.02% ᠲᠤ ᠬᠦᠷᠪᠡ︔ 20 ᠵᠢᠯ ᠤᠨ ᠬᠤᠭᠤᠴᠠᠭ᠎ᠠ ᠲᠠᠢ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 74.46 ᠳ᠋ᠦᠩᠰᠢᠭᠤᠷ ᠲᠥᠭᠦᠷᠢᠭ ᠲᠠᠷᠬᠠᠭᠠᠵᠤ ᠂ ᠬᠦᠦ ᠮᠥᠩᠭᠦ ᠶᠢᠨ ᠨᠣᠷᠮ᠎ᠠ ᠨᠢ 3.1% ᠳᠤ ᠬᠦᠷᠪᠡ︔ 30 ᠵᠢᠯ ᠤᠨ ᠬᠤᠭᠤᠴᠠᠭ᠎ᠠ ᠲᠠᠢ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 3.77 ᠳ᠋ᠦᠩᠰᠢᠭᠤᠷ ᠲᠥᠭᠦᠷᠢᠭ ᠲᠠᠷᠬᠠᠭᠠᠵᠤ᠂ ᠬᠦᠦ ᠮᠥᠩᠭᠦ ᠶᠢᠨ ᠨᠣᠷᠮ᠎ᠠ ᠨᠢ 3.14 % ᠳᠤ ᠬᠦᠷᠴᠡᠢ᠃ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠤᠭᠰᠠᠨ ᠪᠠᠶᠢᠳᠠᠯ ᠠᠴᠠ ᠦᠵᠡᠪᠡᠯ᠂ ᠪᠠᠩᠬᠢ ᠶᠢᠨ ᠳᠠᠭᠠᠭᠠᠨ ᠪᠣᠷᠣᠯᠠᠭᠤᠯᠤᠭᠰᠠᠨ ᠵᠢᠭᠡᠯᠡᠯᠭᠡ ᠶᠢᠨ ᠲᠡᠮᠳᠡᠭᠲᠦ 184.17 ᠳ᠋ᠦᠩᠰᠢᠭᠤᠷ ᠲᠥᠭᠦᠷᠢᠭ ᠲᠤ ᠬᠦᠷᠴᠦ᠂ 99.3% ᠶᠢ ᠡᠵᠡᠯᠡᠪᠡ︔ ᠲᠡᠮᠳᠡᠭᠲᠦ ᠶᠢᠨ ᠬᠤᠳᠠᠯᠳᠤᠭᠠᠴᠢᠨ 1.37 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠵᠤ᠂ 0.7% ᠶᠢ ᠡᠵᠡᠯᠡᠪᠡ᠃ ᠲᠣᠰ ᠤᠳᠠᠭ᠎ᠠ ᠶᠢᠨ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠭᠤᠤᠯᠳᠠᠯᠭ᠎ᠠ ᠲᠠᠢ ᠬᠡᠷᠡᠭᠯᠡᠨ᠎ᠡ᠃       ᠡᠭᠦᠨ ᠳᠤ᠂ 67.95 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠤᠬᠢᠷᠠᠭᠤᠯᠵᠤ᠂ ᠲᠠᠪᠤᠨ ᠶᠡᠭᠡ ᠡᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ 116 ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ᠂ ᠬᠤᠯᠪᠣᠭᠳᠠᠬᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 411.25 ᠳ᠋ᠦᠩᠰᠢᠭᠤᠷ ᠲᠥᠭᠦᠷᠢᠭ ᠲᠤ ᠬᠦᠷᠪᠡ︔ 74 .71 ᠳ᠋ᠦᠩᠰᠢᠭᠤᠷ ᠲᠥᠭᠦᠷᠢᠭ ᠤᠨ ᠪᠡᠯᠡ ᠮᠦᠡᠭᠬᠦ ᠲᠤᠬᠢᠷᠠᠭᠤᠯᠵᠤ᠂ ᠲᠡᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ 33 ᠲᠦᠷᠦᠯ ᠵᠦᠢᠯ ᠢ ᠲᠠᠮᠵᠢᠬᠦ ᠳᠤ ᠬᠡᠷᠡᠭᠯᠡᠵᠤ᠂ ᠬᠤᠯᠪᠣᠭᠳᠠᠬᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2177.2 ᠳ᠋ᠦᠩᠰᠢᠭᠤᠷ ᠲᠥᠭᠦᠷᠢᠭ ᠲᠤ ᠬᠦᠷᠴᠡᠢ︔ 42 .88 ᠳ᠋ᠦᠩᠰᠢᠭᠤᠷ ᠲᠥᠭᠦᠷᠢᠭ ᠤᠨ ᠪᠡᠯᠡ ᠮᠦᠡᠭᠬᠦ ᠲᠤᠬᠢᠷᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠣᠷᠢᠵᠢᠭᠤᠯᠬᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠪᠦᠲᠦᠭᠡᠨ ᠪᠠᠶᠢᠭᠤᠯᠤᠯᠲᠠ ᠶᠢᠨ 103 ᠲᠦᠷᠦᠯ ᠵᠦᠢᠯ ᠢ ᠳᠡᠮᠵᠢᠬᠦ ᠳᠤ ᠬᠡᠷᠡᠭᠯᠡᠵᠤ᠂ ᠬᠤᠯᠪᠣᠭᠳᠠᠬᠤ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 291.4 ᠳ᠋ᠦᠩᠰᠢᠭᠤᠷ ᠲᠥᠭᠦᠷᠢᠭ ᠲᠤ ᠬᠦᠷᠴᠡᠢ᠃ 
ᠢᠷᠡᠯᠲᠡ᠄ ᠠᠷᠠᠳ ᠤᠨ ᠰᠦᠯᠵᠢᠶ᠎ᠡ