ᠭᠤᠤ ᠬᠤᠸᠠᠢ ᠵᠢᠩ ᠮᠤᠤᠠᠤᠰᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠤᠢ ᠰᠢᠭᠤᠶ ᠶᠢ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/10
      9 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠢ ᠰᠢᠭᠤᠢ ᠶᠢᠨ ᠳᠠᠷᠤᠭ᠎ᠠ ᠭᠤᠤ ᠬᠤᠸᠠᠢ ᠵᠢᠩ ᠤᠯᠠᠭᠠᠨᠪᠠᠯᠭᠠᠰᠤ᠂ ᠰᠦᠮᠡᠲᠦ ᠰᠤᠮᠤᠨ ᠳᠤ ᠭᠦᠨᠵᠡᠭᠡᠶᠢᠷᠡᠨ ᠮᠤᠤᠠᠤᠰᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢᠦ ᠲᠢᠶᠠᠨ ᠶᠦᠨ ᠵᠢᠴᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
图片1.jpg
      ᠭᠤᠤ ᠬᠤᠸᠠᠢ ᠵᠢᠩ ᠮᠤᠤᠠᠤᠰᠤ ᠶᠢᠨ ᠡᠯᠡᠰᠦᠷᠬᠡᠭ ᠭᠠᠵᠠᠷ ᠤᠨ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ᠂ ᠵᠠᠰᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ᠂ ᠰᠢᠷᠭᠤᠯᠵᠢ ᠶᠢᠨ ᠤᠢ ᠰᠢᠭᠤᠢ ᠶᠢᠨ ᠲᠦᠷᠦᠯ ᠵᠦᠢᠯ ᠤᠨ ᠲᠣᠭᠤᠷᠢᠭ᠂ ᠬᠠᠷᠭᠠᠨ᠎ᠠ ᠲᠠᠷᠢᠵᠤ ᠪᠤᠶᠢᠵᠢᠭᠤᠯᠬᠤ ᠲᠤᠷᠰᠢᠯᠲᠠ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠡᠯᠡᠰᠦᠷᠬᠡᠭ ᠭᠠᠵᠠᠷ ᠢ ᠵᠠᠰᠠᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠡᠳᠬᠢᠴᠡ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠪᠠ᠃      ᠭᠤᠤ ᠬᠤᠸᠠᠢ ᠵᠢᠩ ᠶᠠᠷᠢᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠡᠯᠡᠰᠦ ᠶᠢ ᠰᠡᠷᠭᠡᠶᠢᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠠᠨ ᠵᠢᠯ ᠤᠨ ᠳᠤᠷᠰᠢᠳᠠ ᠪᠦᠷᠢᠯᠳᠦᠭᠰᠡᠨ ᠡᠯᠡᠰᠦ ᠶᠢ ᠵᠠᠰᠠᠭᠰᠠᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠤᠨ ᠠᠮᠵᠢᠯᠲᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠠᠬᠢᠭᠤᠯᠤᠨ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠬᠠᠪᠰᠤᠷᠤᠨ ᠪᠤᠶᠢᠵᠢᠭᠤᠯᠬᠤ ᠲᠠᠷᠢᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠬᠠᠳᠤᠯᠠᠩ ᠪᠡᠯᠴᠢᠭᠡᠷ ᠤᠨ ᠶᠠᠰᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠬᠦ ᠬᠡᠷᠡᠭᠲᠡᠢ᠃ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠰᠠᠶᠢᠲᠤᠷ ᠬᠢᠬᠦ ᠶᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠵᠤ᠂ ᠤᠯᠠᠨ ᠢ ᠳᠠᠶᠢᠴᠢᠯᠠᠨ ᠡᠯᠡᠰᠦ ᠶᠢ ᠰᠡᠷᠭᠡᠶᠢᠯᠡᠨ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠡᠯᠡᠰᠦ ᠶᠢ ᠵᠠᠰᠠᠵᠤ ᠠᠷᠠᠳ ᠤᠨ ᠠᠮᠢᠳᠤᠷᠠᠯ ᠢ ᠴᠢᠨᠡᠭᠡᠯᠢᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ