ᠮᠤᠤᠠᠤᠰᠤ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠲᠣᠬᠢᠷᠠᠭᠤᠯᠤᠨ ᠠᠬᠢᠭᠤᠯᠬᠤ ᠬᠤᠷᠠᠯ ᠪᠠ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠥᠬᠦ ᠬᠤᠰᠢᠭᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/13
      9 ᠰᠠᠷ᠎ᠠ ᠶᠢᠨ 12 ᠤᠨ ᠡᠳᠦᠷ᠂ ᠮᠤᠤᠠᠤᠰᠤ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢ ᠳᠣᠭᠢᠷᠠᠭᠤᠯᠤᠨ ᠠᠬᠢᠭᠤᠯᠬᠤ ᠬᠤᠷᠠᠯ ᠪᠠ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠪᠥᠬᠦ ᠬᠤᠰᠢᠭᠤᠨ ᠤ ᠣᠶ ᠰᠢᠭᠤᠶ ︵ᠡᠪᠡᠰᠦ ︶ ᠶᠢᠨ ᠳᠠᠷᠤᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠭᠦᠸᠧ ᠴᠢᠤᠸᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠷᠦᠢ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢᠦ ᠲᠢᠶᠠᠨ ᠶᠦᠨ ᠬᠤᠷᠠᠯ ᠳᠤ ᠣᠷᠣᠯᠴᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃
W020230913322253743730.jpg
      ᠭᠤᠤ ᠬᠤᠸᠠᠢ ᠵᠢᠩ ᠬᠡᠯᠡᠬᠦ ᠳᠡᠭᠡᠨ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠲᠤᠨ ᠭᠤᠤᠯ ᠤᠨ ᠨᠤᠭᠤᠯᠤᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠠᠵᠢᠯ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ᠂ ᠨᠡᠩ ᠴᠦ ᠬᠥᠭᠡᠷᠦᠬᠦᠨ ᠣᠲᠤᠭ ᠢ ᠪᠦᠳᠦᠭᠡᠨ ᠪᠠᠶᠢᠭᠤᠯᠬᠤ ᠶᠢᠨ ᠪᠣᠳᠠᠲᠤ ᠬᠡᠷᠡᠭᠴᠡᠭᠡ ᠮᠥᠨ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠤᠤᠷ ᠬᠥᠨᠥᠭᠡᠯ ᠳᠤ ᠦᠨᠳᠦᠰᠦᠯᠡᠨ ᠰᠡᠷᠭᠡᠶᠢᠯᠡᠵᠦ᠂ ᠣᠷᠣᠨ ᠬᠤᠪᠢᠶᠠᠨ ᠲᠥᠷᠥᠯ ᠬᠤᠪᠢᠶᠠᠵᠤ᠂ ᠨᠠᠷᠢᠯᠢᠭ ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠣᠩᠭᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠵᠠᠰᠠᠯᠲᠠ ᠶᠢ ᠳᠣᠪᠤᠶᠢᠯᠭᠠᠨ᠂ ᠮᠤᠤᠠᠤᠰᠤ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠣᠯᠠᠨ ᠡᠰᠢᠵᠢᠭᠰᠡᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠷᠠᠭᠤᠯᠤᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠬᠡᠪᠡᠷ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠶ ᠶᠢᠨ ᠬᠤᠷᠰᠢᠶ᠎ᠠ᠂ ᠨᠡᠶᠢᠭᠡᠮ ᠤᠨ ᠬᠥᠷᠥᠩᠭᠡ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠶ᠃ ᠡᠯᠡᠰᠦᠨ ᠴᠦᠯ ᠤᠨ ᠬᠠᠷᠭᠠᠨ᠎ᠠ ᠲᠠᠷᠢᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠬᠠᠳᠤᠯᠠᠩ ᠪᠡᠯᠴᠢᠭᠡᠷ ᠤᠨ ᠡᠭᠦᠯᠳᠡᠷ ᠰᠠᠶᠢᠵᠢᠷᠠᠭᠤᠯᠬᠤ ᠰᠠᠭᠤᠷᠢᠨ ᠭᠠᠵᠠᠷ ᠪᠣᠯᠤᠨ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ ᠪᠣᠯᠤᠨ ᠨᠢᠭᠲᠠᠴᠠ ᠶᠢ ᠵᠦᠶ ᠵᠣᠬᠢᠰᠲᠠᠶ ᠳᠣᠭᠢᠷᠠᠭᠤᠯᠤᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠣᠲᠤᠭ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠠᠵᠢᠯᠯᠠᠬᠤ ᠨᠠᠷᠢᠨ ᠳᠦᠷᠢᠮ ᠢ ᠲᠣᠭᠲᠠᠭᠠᠨ᠂ ᠡᠭᠦᠷᠭᠡ ᠶᠢᠨ ᠬᠦᠰᠦᠨᠦᠭᠲᠦ ᠪᠠ ᠪᠠᠶᠢᠯᠳᠤᠭᠠᠨ ᠤ ᠵᠢᠷᠤᠭ ᠢ ᠲᠣᠳᠣᠷᠬᠠᠶᠢᠯᠠᠵᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠸᠠᠩ ᠭᠦᠸᠧ ᠴᠢᠤᠸᠠᠨ ᠬᠡᠯᠡᠬᠦ ᠳᠡᠭᠡᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠵᠠᠭᠪᠤᠷ ᠢ ᠪᠠᠶᠢᠭᠤᠯᠬᠤ ᠬᠡᠷᠡᠭᠲᠡᠢ᠃ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠶᠢᠨ ᠠᠷᠭ᠎ᠠ ᠬᠡᠮᠵᠢᠶ᠎ᠡ ᠰᠠᠶᠢᠨ ᠵᠠᠭᠪᠤᠷ ᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠤᠯᠠᠨ ᠲᠦᠮᠡᠨ ᠣᠷᠣᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠳᠡᠮᠵᠢᠭᠰᠡᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠠᠷᠢᠬᠤ᠂ ᠥᠨᠳᠥᠷ ᠪᠦᠲᠦᠮᠵᠢᠲᠡᠢ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠤᠪᠤᠶᠢᠯᠭᠠᠵᠤ ᠂ ᠲᠦᠷᠦᠯ ᠵᠦᠢᠯ᠂ ᠪᠡᠯᠡ ᠮᠦᠩᠬᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠡᠭᠦᠷᠭᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠶᠠᠰᠤ ᠴᠢᠨᠠᠷ ᠢ ᠬᠡᠷᠡᠭᠵᠢᠭᠦᠯᠬᠦ ᠶᠢ ᠴᠢᠬᠤᠯᠠᠴᠢᠯᠠᠨ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠡᠯ᠎ᠡ ᠵᠦᠶᠯ ᠤᠨ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠪᠣᠳᠠᠲᠠᠶ ᠳᠤ ᠨᠠᠶᠢᠲᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃      ᠬᠤᠷᠠᠯ ᠠᠴᠠ ᠰᠤᠮᠤ ᠪᠠᠯᠭᠠᠰᠤᠨ ᠤ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠰᠢᠭᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ︽ᠣᠲᠤᠭ ᠬᠤᠰᠢᠭᠤᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠲᠤᠨ ᠭᠤᠤᠯ ᠤᠨ ᠨᠤᠭᠤᠯᠤᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠵᠢᠭᠦᠯᠬᠦ ᠲᠥᠰᠦᠯ︾ ᠪᠠ ︽ᠣᠲᠤᠭ ᠬᠤᠰᠢᠭᠤᠨ ᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠲᠤᠨ ᠭᠤᠤᠯ ᠤᠨ ᠨᠤᠭᠤᠯᠤᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠰᠦᠯ︾ ᠵᠢᠴᠢ ᠮᠤᠤᠠᠤᠰᠤ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃
ᠢᠷᠡᠯᠲᠡ᠄ ᠣᠳᠤᠭ ᠨᠡᠶᠢᠲᠡᠯᠡᠯ