ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ ᠠᠴᠠ ᠨᠡᠶᠢᠭᠡᠮ | ᠨᠡᠶᠢᠲᠡ ᠳᠤ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ︽ᠬᠠᠮᠤᠭ ᠤᠨ ᠭᠤᠶᠤ ᠪᠠᠭᠰᠢ︾ ᠪᠠ ︽ᠬᠠᠮᠤᠭ ᠤᠨ ᠭᠤᠶᠤ ᠪᠠᠭᠰᠢ︾ ᠪᠠᠷ ᠨᠡᠷ᠎ᠡ | ᠳᠤᠷᠠᠳᠤᠬᠳᠠᠬᠰᠠᠳ ᠤᠨ ᠨᠡᠷᠡᠰ ᠢ ᠨᠡᠶᠢᠲᠡᠯᠡᠪᠡ᠃ ᠣᠶᠢᠯᠠᠭᠠᠭᠰᠠᠨ ᠢᠶᠠᠷ᠂ ︽ᠬᠠᠮᠤᠭ ᠤᠨ ᠭᠤᠶᠣ ᠪᠠᠭᠰᠢ︾ ᠶᠢᠨ ᠢᠷᠠᠭᠤ ᠠᠯᠳᠠᠷ ᠢ 10 ᠬᠥᠮᠥᠨ ᠭᠦᠷᠳᠡᠪᠡ᠃ | ᠲᠤᠰ ᠲᠤᠰ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ᠂ ᠬᠥᠯᠥᠨ ᠪᠤᠶᠢᠷ ᠬᠤᠲᠠ ᠶᠢᠨ ᠬᠠᠶᠢᠯᠠᠷ ᠤᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠸᠠᠩ ᠢᠦᠢ ᠮᠧᠶ᠂ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠸᠠᠩ ᡁᠢ ᠬᠤᠶ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠯᠢᠦ ᠳ᠋ᠦᠩ ᠵᠢᠶᠦ᠋ᠨ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠯᠢ ᠶᠤᠸᠠᠨ᠂ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠶᠠᠩ ᠫᠢᠩ᠂ ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠦ ᠹᠦ᠋ ᠼᠦᠢ᠂ ᠤᠯᠠᠭᠠᠨᠬᠠᠳᠠ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠰᠥᠩ ᠷᠦᠢ ᠯᠦᠩ᠂ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠵᠠᠩ ᠶᠠᠨ ᠴᠦᠨ᠂ ᠥᠪᠥᠷ ᠮᠣᠩᠭᠤᠯ ᠤᠨ | ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠼᠦᠢ ᠸᠧᠨ ᠵᠢᠩ ᠨᠠᠷ ᠪᠤᠯᠤᠨ᠎ᠠ ; ︽ᠬᠠᠮᠤᠭ ᠤᠨ ᠭᠤᠶᠣ ᠪᠠᠭᠰᠢ︾ | ᠪᠠᠷ ᠨᠡᠷ᠎ᠡ ᠳᠤᠷᠠᠳᠤᠬᠳᠠᠬᠰᠠᠳ ᠤᠨ ᠱᠠᠩᠨᠠᠯ ᠢ 9 ᠬᠥᠮᠥᠨ ᠭᠦᠷᠳᠡᠪᠡ᠂ ᠲᠤᠰ ᠲᠤᠰ ᠮᠠᠨᠵᠤᠤᠷ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠸᠠᠩ ᠱᠤ᠋ | ᡁᠢ᠂ ᠤᠯᠠᠭᠠᠨᠬᠠᠳᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠩ ᠬᠤᠸᠠᠨ ᠬᠤᠸᠠᠨ᠂ ᠤᠷᠠᠳ ᠤᠨ ᠡᠮᠦᠨᠡᠲᠦ ᠬᠤᠰᠢᠭᠤᠨ ᠤ ᠪᠠᠭ᠎ᠠ ᠰᠢᠭᠡᠭᠳᠡᠢ | ᠰᠤᠷᠭᠠᠭᠤᠯᠢ ᠶᠢᠨ ᠵᠠᠩ ᠷᠦᠩ᠂ ᠬᠤᠷᠴᠢᠨ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠽᠠᠨᠳᠠᠨ᠂ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠢᠯᠢ ᠰᠤᠷᠭᠠᠭᠤᠯᠢ ᠶᠢᠨ ᠯᠧᠦ ᠶᠠᠨ ᠹᠧᠢ᠂ ᠪᠤᠭᠤᠲᠤ ᠬᠤᠳᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠾᠧ ᠵᠢᠶᠦ᠋ᠨ᠂ ᠵᠠᠷᠤᠳ | ᠬᠤᠰᠢᠭᠤᠨ ᠤ ᠦᠨᠡᠭᠡᠴᠢ ᠰᠤᠷᠭᠠᠭᠤᠯᠢ ᠶᠢᠨ ᠰᠠᠷᠠᠨ᠎ᠠ᠂ ᠭᠦᠭᠡᠬᠤᠲᠠ ᠶᠢᠨ ᠢᠳᠡᠭᠡᠨ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠰᠤᠷᠭᠠᠭᠤᠯᠢ ᠶᠢᠨ ᠺᠠᠩ ᠮᠧᠢ᠂ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠰᠢᠤᠸᠠᠢ ᠨᠢᠩ ᠵᠡᠷᠭᠡ ᠪᠣᠯᠣᠨ᠎ᠠ᠃ ᠡᠲᠡᠭᠡᠷ ᠪᠠᠭᠰᠢ ᠨᠠᠷ ᠤᠨ ᠳᠣᠲᠣᠷ᠎ᠠ ᠬᠢᠯᠢ ᠬᠢᠵᠠᠭᠠᠷ ᠤᠨ | ᠪᠡᠷᠬᠡ ᠬᠠᠲᠠᠭᠤᠵᠢᠯᠲᠠᠢ ᠭᠠᠵᠠᠷ ᠣᠷᠣᠨ ᠢ ᠪᠠᠲᠤ ᠰᠠᠬᠢᠵᠤ ᠪᠠᠶᠢᠭ᠎ᠠ ᠬᠥᠳᠡᠭᠡ ᠲᠣᠰᠬᠤᠨ ᠤ ᠪᠠᠭᠰᠢ ᠪᠠ ᠰᠤᠷᠭᠠᠨ ᠬᠥᠮᠦᠵᠢᠯ ᠢ ᠳᠡᠮᠵᠢᠬᠦ ᠪᠠᠭᠰᠢ ᠪᠠᠶᠢᠬᠤ ᠪᠠᠷ | ᠪᠠᠷᠠᠬᠤ ᠦᠭᠡᠢ ᠪᠠᠰᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ︽ᠬᠤᠣᠰ ᠬᠢᠷᠢ ᠭᠡᠮ ᠲᠠᠢ︾ ᠪᠠᠭᠰᠢ ᠪᠤᠶ᠃ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠪᠠᠶᠢᠬᠤ ᠪᠠᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ | ᠡᠭᠦᠳᠬᠦ ᠪᠠᠷ ᠬᠦᠴᠦᠯᠡᠨ ᠴᠢᠷᠮᠠᠶᠢᠳᠠᠭ ᠪᠠᠭᠰᠢ ᠶᠢᠨ ᠦᠯᠢᠭᠡᠷ ᠵᠢᠱᠢᠶ᠎ᠡ ᠪᠤᠢ ᠁ ᠲᠠᠳᠠ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ | ᠬᠠᠮᠤᠷᠴᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠠᠵᠢᠯ ᠤᠨ ᠪᠦᠲᠦᠮᠵᠢ ᠲᠣᠪᠤᠶᠢᠮ᠎ᠠ᠂ ᠦᠶᠯᠡ ᠠᠵᠢᠯᠯᠠᠭ᠎ᠠ ᠨᠢ ᠬᠥᠮᠥᠰ ᠤᠨ ᠰᠡᠳᠬᠢᠯ ᠢ | ᠳᠣᠭᠳᠣᠯᠤᠭᠤᠯᠤᠮ᠎ᠠ ᠪᠠᠶᠢᠵᠤ᠂ ᠪᠠᠭᠰᠢ ᠶᠢᠨ ᠡᠩᠨᠡᠭᠡ ᠶᠢᠨ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠮᠣᠷᠠᠯ ᠲᠠᠢ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ | ᠥᠷᠥᠰᠢᠶᠡᠯ ᠬᠠᠶᠢᠷ᠎ᠠ ᠲᠠᠢ ᠪᠠᠶᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ | |