ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠤᠨ ᠲᠦᠷ ᠬᠡᠷᠡᠭᠵᠢᠭᠦᠯᠬᠦ ᠠᠷᠭ᠎ᠠ︾
ᠨᠡᠶᠢᠲᠡᠯᠡᠭᠰᠡᠨ ᠴᠠᠭ᠄
2023/9/13
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠤᠨ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ︽ᠠᠷᠭ᠎ᠠ︾ ᠳᠤ ᠨᠠᠮ ᠤᠨ ᠬᠤᠷᠢᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠣᠯᠣᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ ᠰᠠᠨᠠᠯ︾ ︵ᠳᠣᠷᠣᠭᠰᠢ ︽︿ᠬᠤᠶᠠᠷ ᠢ ᠬᠥᠩᠭᠡᠷᠡᠭᠦᠯᠬᠦ﹀ ᠰᠠᠨᠠᠯ︾ ᠭᠡᠵᠦ ᠲᠣᠪᠴᠢᠯᠠᠨ᠎ᠠ︶  ᠤᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃       ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠵᠠᠰᠠᠭ ᠵᠠᠬᠢᠷᠭᠠᠨ ᠤ ᠰᠢᠢᠳᠭᠡᠯ ᠥᠭᠬᠦ ᠲᠤᠬᠠᠢ ᠲᠣᠭᠲᠠᠭᠠᠯ ᠭᠠᠷᠭᠠᠭᠰᠠᠨ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠰᠢᠭᠲᠠᠢ ᠨᠥᠬᠦᠪᠦᠷᠢ ᠪᠣᠯᠭᠠᠬᠤ ᠶᠢᠨ ᠲᠥᠯᠥᠭᠡ ᠶᠤᠮ᠃ ︽ᠠᠷᠭ᠎ᠠ︾ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠤᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠲᠣᠭᠲᠠᠭᠠᠯ ᠳᠤ ᠬᠡᠷᠡᠭᠯᠡᠬᠦ ᠡᠲᠡᠭᠡᠳ ᠪᠣᠯ ᠨᠡᠶᠢᠭᠡᠮ ᠨᠡᠶᠢᠲᠡ ᠠᠴᠠ ᠪᠦᠬᠦᠯᠢ 3 ᠨᠠᠰᠤᠨ ᠠᠴᠠ ᠳᠡᠭᠡᠭᠰᠢᠬᠢ ᠰᠤᠷᠬᠤ ᠨᠠᠰᠤᠨ ᠠᠴᠠ ᠡᠮᠦᠨᠡᠬᠢ ᠬᠡᠦᠬᠡᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠬᠠᠤᠯᠢ ᠠᠴᠠ ᠵᠥᠷᠢᠴᠡᠨ ᠥᠷᠨᠢᠭᠦᠯᠦᠭᠰᠡᠨ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ  ᠶᠢ ᠡᠯᠰᠡᠨ᠎ᠡ       ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠵᠠᠰᠠᠭ ᠵᠠᠬᠢᠷᠭᠠᠨ ᠤ ᠰᠢᠳᠬᠡᠯ ᠥᠭᠬᠦ ᠳᠤ ᠲᠥᠪ ᠭᠤᠥᠯᠴᠢ᠂ ᠢᠯᠡ ᠪᠠᠶᠢᠯᠭᠠᠬᠤ ᠵᠠᠷᠴᠢᠮ ᠢ ᠵᠢᠷᠤᠮᠯᠠᠨ᠂ ᠰᠢᠢᠳᠭᠡᠯ ᠥᠭᠬᠦ ᠪᠠ ᠰᠤᠷᠭᠠᠨ ᠬᠥᠮᠥᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠲᠤᠪᠠᠷ ᠡᠰᠡᠷᠭᠦᠴᠡᠨ ᠬᠤᠷᠢᠭᠯᠠᠵᠤ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ︽ᠠᠷᠭ᠎ᠠ︾ ᠳᠤ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠢ ᠲᠣᠭᠲᠠᠭᠠᠵᠤ᠂ ᠬᠠᠷᠢᠶᠠᠯᠠᠯ ᠤᠨ ᠡᠷᠬᠡ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠪᠠ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠤᠨ ᠡᠷᠬᠡ ᠶᠢᠨ ᠬᠡᠪᠴᠢᠶ᠎ᠡ ᠶᠣᠰᠣᠭᠠᠷ ᠬᠡᠷᠡᠭᠵᠢᠭᠦᠯᠵᠦ᠂ ᠰᠦᠯᠵᠢᠶᠡᠨ ᠠᠴᠠ ᠭᠠᠳᠠᠨ᠎ᠠ᠂ ᠰᠦᠯᠵᠢᠶᠡᠨ ᠳᠡᠭᠡᠷᠡᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠷᠢᠶᠠᠯᠠᠯ ᠤᠨ ᠲᠤᠬᠠᠢ ᠲᠣᠰ ᠲᠣᠰ ᠲᠣᠭᠲᠠᠭᠠᠯ ᠭᠠᠷᠭᠠᠨ᠎ᠠ ᠭᠡᠵᠦ ᠲᠣᠭᠲᠠᠭᠠᠵᠠᠢ᠃ ᠡᠭᠦᠨ ᠤ ᠬᠠᠮᠲᠤ᠂ ᠲᠥᠪ ᠬᠤᠷᠢᠶᠠᠨ ᠤ ︽︿ᠬᠤᠶᠠᠷ ᠢ ᠬᠠᠰᠤᠬᠤ﹀ ᠰᠠᠨᠠᠯ︾  ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ︽ᠠᠷᠭ᠎ᠠ︾ ᠳᠤ ᠬᠠᠤᠯᠢ ᠠᠴᠠ ᠵᠥᠷᠢᠴᠡᠭᠰᠡᠨ ᠪᠠᠶᠢᠳᠠᠯ ᠢ ᠲᠣᠳᠣᠷᠬᠠᠶᠢᠯᠠᠵᠤ᠂ ᠬᠠᠤᠯᠢ ᠶᠢᠨ ᠬᠠᠷᠢᠭᠤᠴᠠᠯᠭ᠎ᠠ ᠶᠢ ᠲᠣᠭᠲᠠᠭᠠᠵᠠᠢ᠃ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠵᠡᠷᠭᠡ ᠳᠡᠭᠡᠳᠦ ᠪᠠᠶᠢᠷᠢ ᠶᠢᠨ ᠬᠠᠤᠯᠢ ᠪᠠ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠢ ᠦᠨᠳᠦᠰᠦᠯᠡᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠤᠷ᠎ᠠ ᠪᠠᠷ ᠢᠶᠠᠨ ᠡᠷᠭᠢᠯᠡᠬᠦ᠂ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠨᠢᠭᠤᠭᠳᠠᠮᠠᠯ ᠣᠨᠳᠣᠣᠰᠢᠯ ᠤᠨ ᠪᠣᠯᠪᠠᠰᠤᠷᠠᠭᠤᠯᠤᠯ ᠢ ᠳᠤᠷ᠎ᠠ ᠪᠠᠷ ᠢᠶᠠᠨ ᠥᠷᠨᠢᠭᠦᠯᠬᠦ᠂ ᠨᠡᠶᠢᠭᠡᠮ ᠤᠨ ᠴᠢᠨᠠᠷᠲᠠᠢ ᠤᠷᠤᠯᠳᠤᠭᠠᠨ ᠢ ᠳᠤᠷ᠎ᠠ ᠪᠠᠷ ᠢᠶᠠᠨ ᠡᠷᠭᠢᠯᠡᠬᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠪᠠᠶᠢᠳᠠᠯ ᠵᠢᠴᠢ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ︽ᠠᠷᠭ᠎ᠠ︾ ᠳᠤ ᠰᠢᠳᠬᠡᠬᠦ ᠲᠠᠰ ᠳᠠᠷᠠᠭᠠᠯᠠᠯ ᠢ ᠲᠣᠳᠣᠷᠬᠠᠢ ᠲᠣᠭᠲᠠᠭᠠᠵᠤ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ ᠵᠡᠷᠭᠡ ᠳᠡᠭᠡᠳᠦ ᠪᠠᠶᠢᠷᠢ ᠶᠢᠨ ᠬᠠᠤᠯᠢ ᠯᠤᠭ᠎ᠠ ᠵᠣᠯᠭᠠᠭᠤᠯᠬᠤ ᠶᠢ ᠴᠢᠬᠤᠯᠠᠴᠢᠯᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠬᠡᠷᠡᠭᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭ ᠪᠣᠯᠭᠠᠨ ᠳᠡᠩᠰᠡᠯᠡᠵᠦ ᠬᠡᠷᠡᠭ ᠳᠠᠭᠤᠰᠬᠠᠬᠤ ᠪᠠᠷᠢᠮᠵᠢᠶ᠎ᠠ᠂ ᠪᠠᠶᠢᠴᠠᠭᠠᠬᠤ ᠡᠷᠬᠡ ᠲᠤᠰᠢᠶᠠᠯ᠂ ᠭᠡᠷᠡᠴᠢᠯᠡᠭᠡ ᠰᠣᠨᠣᠰᠬᠤ ᠶᠢ ᠮᠡᠳᠡᠭᠳᠡᠭᠰᠡᠨ ᠪᠠᠶᠢᠳᠠᠯ᠂ ᠬᠠᠤᠯᠢ ᠠᠴᠠ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠡᠷᠭᠡ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠬᠦᠴᠦᠯᠡᠨ ᠵᠢᠷᠤᠮᠵᠢᠭᠤᠯᠤᠨ᠎ᠠ᠃ ︽ᠠᠷᠭ᠎ᠠ︾ ᠳᠤ ᠱᠠᠭᠠᠷᠳᠠᠭᠰᠠᠨ ᠨᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠳᠦᠷᠢᠮ ᠢ ᠪᠠᠶᠢᠭᠤᠯᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠬᠡᠷᠡᠭᠵᠢᠭᠦᠯᠦᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ ᠲᠣᠭᠲᠠᠴᠠ᠂ ᠢᠯᠡ ᠨᠡᠶᠢᠲᠡᠯᠡᠬᠦ ᠲᠣᠭᠲᠠᠴᠠ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠬᠤ ᠶᠢ ᠱᠠᠭᠠᠷᠳᠠᠵᠤ᠂ ᠰᠢᠳᠬᠡᠬᠦ ᠶᠠᠪᠤᠴᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠷᠬᠡ ᠲᠤᠰᠢᠶᠠᠯ  ᠠᠴᠠ ᠪᠠᠨ ᠳᠠᠪᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠭᠰᠠᠨ ᠮᠥᠷᠲᠡᠭᠡᠨ ᠪᠠᠰᠠ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠰᠢᠪᠠᠳᠠᠨ ᠱᠠᠭᠠᠷᠳᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠵᠤ᠂ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ︽ ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠣᠷᠳᠣ ᠬᠤᠭᠤᠴᠠᠭ᠎ᠠ ᠪᠠᠷ ᠴᠢᠷᠮᠠᠶᠢᠨ ᠠᠬᠢᠭᠤᠯᠵᠤ ᠦᠷ᠎ᠡ ᠪᠦᠲᠦᠮᠵᠢ ᠣᠯᠪᠠ᠃    
ᠢᠷᠡᠯᠲᠡ᠄ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ