2023 ᠣᠨ ᠤ ᠳᠡᠭᠡᠷ᠎ᠡ ᠬᠠᠭᠠᠰ ᠵᠢᠯ ᠤᠨ ᠬᠤᠲᠠ ᠠᠴᠠ ᠬᠤᠰᠢᠭᠤᠨ ᠤ ᠭᠤᠤᠯᠳᠠᠯᠭ᠎ᠠ ᠲᠠᠢ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/15
      9 ᠰᠠᠷ᠎ᠠ ᠶᠢᠨ 14 ᠤ ᠡᠳᠦᠷ᠂ 2023 ᠣᠨ ᠤ ᠳᠡᠭᠡᠷ᠎ᠡ ᠬᠠᠭᠠᠰ ᠵᠢᠯ ᠤᠨ ᠬᠤᠳᠠ ᠠᠴᠠ ᠬᠤᠰᠢᠭᠤᠨ ᠤ ᠭᠤᠣᠯᠳᠠᠯᠭ᠎ᠠ ᠲᠠᠢ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠠᠴᠠ ᠬᠤᠰᠢᠭᠤᠨ ᠤ ᠭᠤᠷᠪᠠᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠬᠠᠨ ᠶᠢᠨ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠠᠯᠲᠠᠨ᠋ᠧᠴᠢᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠷᠦᠢ ᠮᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠰᠢᠶᠠᠨ ᠤ ᠱᠠᠲᠤᠨ ᠤ ᠤᠳᠤᠷᠢᠳᠤᠯᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠭᠦᠸᠧ ᠴᠢᠤᠸᠠᠨ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠬᠠᠨ ᠶᠢᠨ ᠵᠢᠶᠦ᠋ᠨ ᠪᠠᠶᠢᠴᠠᠭᠠᠨ ᠰᠤᠳᠤᠯᠵᠤ ᠬᠢᠨᠠᠨ ᠰᠢᠯᠭᠠᠬᠤ ᠠᠵᠢᠯ ᠤᠨ ᠲᠤᠬᠠᠢ ᠲᠣᠳᠣᠷᠬᠠᠶᠢᠯᠠᠯᠲᠠ ᠪᠠ ᠪᠠᠶᠢᠷᠢᠯᠠᠭᠤᠯᠤᠯᠲᠠ ᠬᠢᠪᠡ᠃ ᠲᠡᠷᠡ ᠬᠡᠯᠡᠬᠦ ᠳᠡᠭᠡᠨ᠂ 2023 ᠣᠨ ᠤ ᠳᠡᠭᠡᠷ᠎ᠡ ᠬᠠᠭᠠᠰ ᠵᠢᠯ ᠳᠤ ᠬᠤᠲᠠ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠣᠯ ᠬᠤᠰᠢᠭᠤ ᠲᠣᠭᠤᠷᠢᠭ ᠤᠨ 2023 ᠣᠨ ᠤ ᠳᠡᠭᠡᠷ᠎ᠡ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠤᠨ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠰᠢᠰᠲ᠋ᠧᠮ ᠲᠠᠢ ᠰᠢᠯᠭᠠᠨ ᠪᠠᠶᠢᠴᠠᠭᠠᠭᠰᠠᠨ ᠪᠠᠶᠢᠳᠠᠯ ᠮᠥᠨ᠂ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠢᠯᠡᠷᠡᠯ ᠢ ᠦᠨᠡᠯᠡᠬᠦ ᠶᠡᠷᠦᠩᠬᠡᠶᠢᠯᠡᠭᠰᠡᠨ ᠴᠢᠨᠠᠷᠲᠠᠶ ᠰᠢᠯᠭᠠᠨ ᠦᠨᠡᠯᠡᠯᠲᠡ ᠮᠥᠨ᠃ ᠣᠲᠤᠭ ᠬᠤᠰᠢᠭᠤ ᠲᠣᠰ ᠤᠳᠠᠭᠠᠨ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠣᠰ ᠤᠳᠠᠭᠠᠨ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯ ᠳᠤ ᠰᠠᠶᠢᠲᠤᠷ ᠬᠠᠮᠵᠢᠯᠴᠠᠨ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠰᠢᠯᠭᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠭᠤᠤ ᠬᠤᠸᠠᠢ ᠵᠢᠩ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ 2023 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠬᠢᠪᠠ᠃ ᠲᠡᠷᠡ ᠬᠡᠯᠡᠬᠦ ᠳᠡᠭᠡᠨ᠂ ᠡᠨᠡ ᠵᠢᠯ ᠠᠴᠠ ᠨᠠᠭᠠᠰᠢ᠂ ᠣᠲᠤᠭ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠪᠠ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠦᠨᠡᠨ ᠪᠣᠳᠠᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ᠂ ᠲᠥᠷᠥᠯ ᠵᠦᠢᠯ ᠢ ᠠᠳᠬᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭ᠎ᠠ ᠠᠳᠬᠤᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ᠂ ᠨᠡᠶᠢᠭᠡᠮ ᠤᠨ ᠵᠠᠰᠠᠯᠲᠠ ᠶᠢ ᠲᠡᠭᠦᠯᠳᠡᠷᠵᠢᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠡᠯ᠎ᠡ ᠲᠠᠯ᠎ᠠ ᠳᠤ ᠰᠢᠨ᠎ᠡ ᠦᠷ᠎ᠡ ᠪᠦᠲᠦᠮᠵᠢ ᠤᠯᠪᠠ᠃ ᠲᠠᠷᠠᠭᠠᠴᠢ ᠶᠢᠨ ᠠᠯᠬᠤᠮ ᠳᠤ᠂ ᠣᠲᠤᠭ ᠬᠤᠰᠢᠭᠤ ᠦᠷᠭᠦᠯᠵᠢᠯᠡᠨ ︽ᠬᠤᠶᠠᠷ ᠶᠡᠭᠡ ᠶᠠᠪᠤᠳᠠᠯ︾ ᠪᠠ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ ᠬᠥᠭᠵᠢᠯᠲᠡ ᠶᠢ ᠡᠷᠢᠯᠬᠢᠯᠡᠨ᠂ ᠡᠯ᠎ᠡ ᠵᠦᠢᠯ ᠤᠨ ᠣᠨ ᠤ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃      ᠡᠨᠡ ᠬᠤᠭᠤᠴᠠᠭᠠᠨ ᠳᠤ᠂ ᠬᠠᠨ ᠶᠢᠨ ᠵᠢᠶᠦ᠋ᠨ ᠨᠠᠷ ᠲᠣᠰ ᠲᠣᠰ ᠮᠠᠲ᠋ᠧᠷᠢᠶᠠᠯ ᠪᠠᠶᠢᠴᠠᠭᠠᠨ ᠦᠵᠡᠬᠦ᠂ ᠰᠡᠳᠬᠢᠯ ᠤᠨ ᠦᠭᠡ ᠪᠠᠨ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠥᠬᠦᠶ ᠪᠠᠶᠢᠳᠠᠯ ᠢ ᠬᠢᠨᠠᠨ ᠬᠠᠷᠭᠤᠭᠤᠯᠪᠠ᠃
ᠢᠷᠡᠯᠲᠡ᠄ ᠣᠳᠤᠭ ᠨᠡᠶᠢᠲᠡᠯᠡᠯ