ᠲᠦᠷᠦᠭᠦᠬᠡᠨ ᠶᠠᠪᠤᠭᠳᠠᠭᠰᠠᠨ ᠪᠦᠭᠦ ᠤᠯᠤᠰ ᠤᠨ ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠳᠡᠭᠡᠷ᠎ᠡ ᠵᠠᠷᠢᠮ | ᠲᠤᠰᠬᠠᠢ ᠮᠡᠷᠭᠡᠵᠢᠯᠲᠡᠳ ᠠᠴᠠ ᠰᠤᠷᠤᠬᠴᠢᠳ ᠤᠨ ᠦᠨ᠎ᠡ ᠥᠷᠲᠡᠭ ᠲᠠᠢ ᠠᠰᠠᠭᠤᠳᠠᠯ ᠢ ᠢᠯᠡᠷᠡᠭᠦᠯᠬᠦ ᠴᠢᠳᠠᠪᠤᠷᠢ ᠶᠢ ᠬᠥᠮᠥᠵᠢᠭᠦᠯᠬᠦ᠂ ᠠᠰᠠᠭᠤᠳᠠᠯ ᠢ ᠢᠯᠡᠷᠡᠭᠦᠯᠬᠦ ᠶᠢ | ᠵᠣᠷᠢᠭᠵᠢᠭᠤᠯᠬᠤ᠂ ᠬᠢᠴᠢᠶᠡᠯ ᠤᠨ ᠲᠠᠩᠬᠢᠮ ᠳᠡᠭᠡᠷ᠎ᠡ ᠢᠯᠡᠭᠦᠬᠡᠨ ᠠᠰᠠᠭᠤᠯᠳᠠ ᠳᠤᠷᠠᠳᠬᠤ ᠶᠢ ᠴᠢᠬᠤᠯᠠᠴᠢᠯᠠᠭᠰᠠᠨ ᠪᠠᠶᠢᠯ᠎ᠠ᠃ ᠲᠡᠶᠢᠮᠦ ᠭᠡᠮ᠂ ᠠᠰᠠᠭᠤᠯᠳᠠ | ᠳᠤᠷᠠᠳᠬᠤ ᠪᠣᠯ ᠨᠢᠭᠡᠨ ᠵᠦᠢᠯ ᠤᠨ ᠴᠢᠬᠤᠯᠠ ᠴᠢᠳᠠᠪᠤᠷᠢ ᠪᠣᠯᠣᠨ᠎ᠠ᠃ ︽ᠨᠢᠭᠡ ᠠᠰᠠᠭᠤᠳᠠᠯ ᠢ ᠳᠤᠷᠠᠳᠬᠤ ᠨᠢ ᠨᠢᠭᠡ ᠠᠰᠠᠭᠤᠳᠠᠯ ᠢ ᠰᠢᠢᠳᠪᠦᠷᠢᠯᠡᠬᠦ ᠠᠴᠠ ᠬᠤᠯᠠ | ᠴᠢᠬᠤᠯᠠ ᠪᠠᠶᠢᠳᠠᠭ᠃ ᠨᠢᠭᠡ ᠠᠰᠠᠭᠤᠳᠠᠯ ᠢ ᠲᠣᠭᠠᠨ ᠤ ᠤᠬᠠᠭᠠᠨ ᠪᠤᠶᠤ ᠲᠤᠷᠰᠢᠯᠲᠠ ᠪᠠᠷ ᠳᠠᠮᠵᠢᠨ ᠰᠢᠢᠳᠪᠦᠷᠢᠯᠡᠵᠦ ᠪᠣᠯᠣᠨ᠎ᠠ᠂ ᠭᠡᠪᠡᠴᠦ ᠰᠢᠨ᠎ᠡ ᠨᠢᠭᠡᠨ | ᠠᠰᠠᠭᠤᠳᠠᠯ ᠢ ᠳᠤᠷᠠᠳᠬᠤ ᠳᠤ ᠡᠭᠦᠳᠦᠨ ᠪᠦᠲᠦᠭᠡᠯᠲᠡ ᠶᠢᠨ ᠴᠢᠨᠠᠷᠲᠠᠢ ᠲᠥᠰᠥᠭᠡᠯᠡᠨ ᠪᠤᠳᠤᠬᠤ ᠴᠢᠳᠠᠪᠤᠷᠢ ᠶᠢ ᠱᠠᠭᠠᠷᠳᠠᠬᠤ ᠪᠥᠭᠡᠳ ᠡᠨᠡ ᠨᠢ ᠰᠠᠶ᠋ᠢ ᠰᠢᠨᠵᠢᠯᠡᠬᠦ | ᠤᠬᠠᠭᠠᠨ ᠤ ᠦᠨᠡᠨ ᠬᠦ ᠳᠠᠪᠰᠢᠯᠳᠠ ᠶᠢ ᠬᠠᠷᠠᠭᠤᠯᠵᠤ ᠴᠢᠳᠠᠳᠠᠭ︾ ᠭᠡᠵᠦ ᠠᠶᠢᠨᠰᠲ᠋ᠧᠨ ᠶᠠᠷᠢᠭᠰᠠᠨ ᠪᠠᠶᠢᠳᠠᠭ᠃ ᠰᠤᠷᠤᠬᠴᠢᠳ ᠰᠤᠷᠤᠯᠴᠠᠬᠤ ᠳᠤᠮᠳᠠ ᠪᠠᠨ | ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠳᠤᠷᠠᠳᠤᠨ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠪᠣᠯ ᠰᠤᠷᠤᠯᠴᠠᠬᠤ ᠴᠢᠳᠠᠪᠤᠷᠢ ᠶᠢᠨ ᠴᠢᠬᠤᠯᠠ | ᠪᠦᠷᠢᠯᠳᠦᠭᠦᠨ ᠬᠡᠰᠡᠭ ᠶᠤᠮ᠃ | ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠪᠠᠭᠰᠢ ᠨᠠᠷ ᠤᠨ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠭᠦ ᠲᠤᠬᠠᠢ ᠨᠡᠩ ᠥᠨᠳᠥᠷ ᠱᠠᠭᠠᠷᠳᠠᠯᠭ᠎ᠠ ᠲᠠᠢ ᠪᠣᠯᠤᠭᠰᠠᠨ ᠪᠥᠭᠡᠳ ᠨᠦᠭᠦᠭᠡ ᠲᠠᠯ᠎ᠠ ᠪᠠᠷ ᠰᠤᠷᠤᠬᠴᠢᠳ ᠤᠨ | ᠰᠤᠷᠤᠯᠴᠠᠬᠤ ᠴᠢᠳᠠᠪᠤᠷᠢ ᠪᠠᠨ ᠲᠡᠭᠡᠭᠰᠢᠯᠡᠭᠦᠯᠭᠦ ᠶᠢ ᠴᠤ ᠱᠠᠭᠠᠷᠳᠠᠵᠤ ᠪᠠᠶᠢᠳᠠᠭ᠃ ᠡᠭᠦᠨ ᠳᠤ ᠰᠤᠷᠤᠬᠴᠢᠳ ᠤᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠭᠦ ᠳᠤ | ᠳᠡᠳᠡᠨ ᠤ ᠠᠰᠠᠭᠤᠯᠳᠠ ᠳᠤᠷᠠᠳᠬᠤ ᠴᠢᠳᠠᠪᠤᠷᠢ ᠶᠢ ᠬᠥᠮᠥᠵᠢᠭᠦᠯᠬᠦ ᠨᠢ ᠮᠠᠰᠢ ᠴᠢᠬᠤᠯᠠ ᠪᠠᠶᠢᠳᠠᠭ᠃ ᠰᠤᠷᠤᠬᠴᠢᠳ ᠤᠨ ᠠᠰᠠᠭᠤᠯᠳᠠ ᠳᠤᠷᠠᠳᠬᠤ ᠴᠢᠳᠠᠪᠤᠷᠢ ᠶᠢ | ᠬᠥᠲᠥᠯᠥᠨ ᠵᠢᠯᠤᠭᠤᠳᠬᠤ ᠳᠤ ᠪᠠᠭᠰᠢ ᠨᠠᠷ ᠤᠯᠠᠮᠵᠢᠯᠠᠯᠲᠤ ᠬᠢᠴᠢᠶᠡᠯ ᠤᠨ ᠲᠠᠩᠬᠢᠮ ᠤᠨ ᠪᠠᠭᠰᠢ ᠠᠰᠠᠭᠤᠵᠤ ᠰᠤᠷᠤᠬᠴᠢ ᠬᠠᠷᠢᠭᠤᠯᠬᠤ ᠮᠠᠶ᠋ᠢᠭ ᠤᠨ ᠵᠢᠭᠠᠨ | ᠰᠤᠷᠭᠠᠯᠲᠠ ᠶᠢᠨ ᠠᠷᠭ᠎ᠠ ᠭᠡᠯᠪᠡᠷᠢ ᠪᠠᠨ ᠥᠭᠡᠷᠡᠴᠢᠯᠡᠵᠦ᠂ ᠰᠤᠷᠤᠬᠴᠢᠳ ᠤᠨ ᠠᠰᠠᠭᠤᠯᠳᠠ ᠠᠰᠠᠭᠤᠬᠤ ᠢᠳᠡᠪᠬᠢᠵᠢᠯ ᠢ ᠲᠠᠶᠢᠴᠢᠯᠠᠵᠤ᠂ ᠠᠰᠠᠭᠤᠯᠳᠠ ᠠᠰᠠᠭᠤᠬᠤ | ᠳᠤᠷ᠎ᠠ ᠪᠠᠬ᠎ᠠ ᠲᠠᠢ ᠪᠤᠯᠭᠠᠬᠤ ᠪᠠᠷ ᠳᠠᠮᠵᠢᠨ ᠳᠡᠳᠡᠨ ᠤ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠵᠦ ᠪᠣᠯᠣᠨ᠎ᠠ᠃ ᠰᠠᠨᠠᠭᠠᠴᠢᠯᠠᠭ᠎ᠠ ᠲᠠᠢ ᠪᠠᠷ ᠰᠤᠷᠤᠬᠴᠢᠳ ᠤᠨ | ᠠᠰᠠᠭᠤᠯᠳᠠ ᠳᠤᠷᠠᠳᠬᠤ ᠶᠢ ᠬᠥᠲᠥᠯᠥᠨ ᠵᠢᠯᠤᠭᠤᠳᠬᠤ ᠨᠢ ᠪᠠᠭᠰᠢ ᠶᠢᠨ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ ᠣᠷᠣᠯᠳᠣᠯᠭ᠎ᠠ ᠶᠢ | ᠢᠯᠡᠷᠡᠭᠦᠯᠵᠦ᠂ ︽ᠰᠤᠷᠬᠤ ᠪᠠᠷ ᠭᠤᠣᠯ ᠪᠤᠯᠭᠠᠬᠰᠠᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠰᠠᠨ︾ ᠬᠢᠴᠢᠶᠡᠯ ᠤᠨ ᠲᠠᠩᠬᠢᠮ ᠢᠶᠠᠷ ᠳᠠᠮᠵᠢᠵᠤ᠂ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠴᠢᠳᠠᠨ᠎ᠠ᠃ ᠲᠠᠭᠢᠪᠠᠯ ᠰᠤᠷᠤᠬᠴᠢ ᠶᠢᠨ ᠠᠰᠠᠭᠤᠯᠳᠠ ᠠᠴᠠ ᠲᠡᠳᠡᠨ ᠤ ᠦᠨᠡᠨ ᠪᠣᠳᠠᠲᠠᠢ ᠰᠤᠷᠤᠯᠴᠠᠬᠤ | ᠬᠡᠷᠡᠭᠴᠡᠭᠡ ᠱᠠᠭᠠᠷᠳᠠᠯᠭ᠎ᠠ ᠵᠢᠴᠢ ᠶᠠᠭᠤ ᠶᠢ ᠨᠢ ᠮᠡᠳᠡᠭᠡᠳ ᠶᠠᠭᠤ ᠶᠢ ᠨᠢ ᠮᠡᠳᠡᠬᠦ ᠦᠭᠡᠢ ᠪᠠᠶᠢᠬᠤ ᠶᠢ ᠣᠶᠢᠯᠠᠭᠠᠵᠤ᠂ ᠵᠢᠭᠠᠨ ᠰᠤᠷᠭᠠᠯᠲᠠ ᠳᠠᠭᠠᠨ ᠨᠡᠩ ᠴᠢᠭᠯᠡᠯᠲᠦ | ᠴᠢᠨᠠᠷ ᠲᠠᠢ ᠪᠣᠯᠵᠤ᠂ ᠵᠢᠭᠠᠨ ᠰᠤᠷᠭᠠᠯᠲᠠ ᠶᠢᠨ ᠦᠷ᠎ᠡ ᠪᠦᠳᠦᠮᠵᠢ ᠪᠠᠨ ᠳᠡᠭᠡᠭᠰᠢᠯᠡᠭᠦᠯᠭᠦ ᠳᠤ ᠠᠰᠢᠭᠲᠠᠢ᠃ ᠡᠶᠢᠮᠦᠷᠬᠦᠦ ᠰᠤᠷᠤᠬᠴᠢᠳ ᠤᠨ ᠠᠰᠠᠭᠤᠯᠳᠠ ᠳᠤᠷᠠᠳᠬᠤ | ᠢᠳᠡᠪᠬᠢᠵᠢᠯ ᠰᠠᠶᠢᠵᠢᠷᠠᠬᠤ ᠶᠢ ᠳᠠᠭᠠᠯᠳᠤᠨ᠂ ᠰᠤᠷᠤᠬᠴᠢᠳ ᠤᠨ ᠰᠤᠷᠤᠯᠴᠠᠬᠤ ᠣᠪᠣᠷ ᠪᠠᠶᠢᠳᠠᠯ ᠴᠤ ᠰᠠᠶᠢᠵᠢᠷᠠᠵᠤ᠂ ᠳᠡᠳᠡᠨ ᠤ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠵᠠᠳᠠᠯᠬᠤ ᠴᠢᠳᠠᠪᠤᠷᠢ ᠴᠢᠩᠭᠠᠷᠠᠵᠤ᠂ ᠡᠴᠦᠰ ᠲᠡᠭᠡᠨ ᠰᠤᠷᠤᠯᠴᠠᠬᠤ ᠳᠤᠷᠠᠲᠠᠢ᠂ ᠰᠤᠷᠤᠯᠴᠠᠬᠤ ᠴᠢᠳᠠᠪᠤᠷᠢ ᠲᠠᠢ ᠪᠣᠯᠵᠤ ᠬᠤᠪᠢᠷᠠᠬᠤ ᠶᠤᠮ᠃ | ᠰᠤᠷᠤᠬᠴᠢᠳ ᠤᠨ ᠠᠰᠠᠭᠤᠯᠳᠠ ᠳᠤᠷᠠᠳᠬᠤ ᠶᠢ ᠵᠣᠷᠢᠭᠵᠢᠭᠤᠯᠬᠤ ᠳᠤ ᠪᠠᠭᠰᠢ ᠨᠠᠷ ᠵᠢᠭᠠᠨ ᠰᠤᠷᠭᠠᠯᠲᠠ ᠶᠢᠨ ᠲᠥᠯᠥᠪᠯᠡᠭᠡ ᠶᠢᠨ ᠲᠠᠯ᠎ᠠ ᠪᠠᠷ ᠢᠯᠡᠭᠦᠬᠡᠨ ᠬᠦᠴᠦ | ᠤᠷᠤᠭᠤᠯᠬᠤ ᠬᠡᠷᠡᠭᠲᠡᠢ᠃ ᠬᠢᠴᠢᠶᠡᠯ ᠤᠨ ᠲᠠᠩᠬᠢᠮ ᠳᠤ ᠵᠢᠭᠠᠨ ᠰᠤᠷᠭᠠᠯᠲᠠ ᠶᠢᠨ ᠠᠭᠤᠯᠭ᠎ᠠ ᠪᠠ ᠵᠢᠭᠠᠬᠤ ᠬᠠᠷᠠᠯᠲᠠ ᠪᠠᠨ ᠦᠨᠳᠦᠰᠦᠯᠡᠵᠦ᠂ ᠬᠢᠴᠢᠶᠡᠯ ᠪᠡᠯᠡᠳᠬᠡᠬᠦ | ᠶᠠᠪᠤᠴᠠ ᠳᠠᠭᠠᠨ ᠵᠦᠢ ᠵᠣᠬᠢᠰᠲᠠᠢ ᠠᠰᠠᠭᠤᠯᠳᠠ ᠲᠣᠬᠢᠷᠠᠭᠤᠯᠵᠤ᠂ ᠰᠤᠷᠤᠬᠴᠢ ᠶᠢᠨ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠰᠤᠷᠤᠬᠴᠢᠳ ᠤᠨ ᠪᠡᠶ᠎ᠡ ᠪᠠᠨ | ᠳᠠᠭᠠᠭᠠᠵᠤ ᠰᠡᠳᠬᠢᠬᠦ ᠢᠳᠡᠪᠬᠢᠵᠢᠯ ᠢ ᠳᠠᠶᠢᠴᠢᠯᠠᠪᠠᠯ ᠵᠣᠬᠢᠨ᠎ᠠ᠃ ᠰᠤᠷᠤᠬᠴᠢᠳ ᠤᠨ ᠵᠠᠷᠢᠮ ᠠᠰᠠᠭᠤᠯᠳᠠ ᠨᠢ ᠪᠠᠭᠰᠢ ᠳᠤ ᠠᠪᠴᠤ ᠬᠡᠯᠡᠪᠡᠯ ᠳᠡᠮᠡᠢ ᠦᠨ᠎ᠡ ᠦᠷᠳᠡᠭ | ᠦᠭᠡᠢ ᠴᠤ ᠪᠠᠶᠢᠵᠤ ᠮᠡᠳᠡᠨ᠎ᠡ᠂ ᠭᠡᠪᠡᠴᠦ ᠡᠨᠡ ᠨᠢ ᠰᠤᠷᠤᠬᠴᠢᠳ ᠤᠨ ᠬᠤᠪᠢ ᠳᠤ ᠰᠡᠳᠬᠢᠨ ᠪᠣᠳᠣᠯᠬᠢᠯᠠᠭᠠᠳ ᠳᠤᠷᠠᠳᠤᠭᠰᠠᠨ ᠠᠰᠠᠭᠤᠯᠳᠠ ᠪᠣᠯᠬᠤᠷ ᠪᠠᠭᠰᠢ ᠠᠴᠠ | ᠰᠤᠷᠤᠬᠴᠢᠳ ᠤᠨ ᠠᠰᠠᠭᠤᠯᠳᠠ ᠳᠤ ᠨᠠᠷᠢᠨ ᠬᠢᠨᠠᠮᠠᠭᠠᠢ ᠬᠠᠨᠳᠤᠵᠤ᠂ ᠴᠠᠭ ᠲᠤᠬᠠᠢ ᠳᠤᠨᠢ ᠵᠣᠷᠢᠭᠵᠢᠭᠤᠯᠪᠠᠯ ᠵᠦᠢᠲᠡᠢ᠃ | ᠰᠢᠨ᠎ᠡ ᠬᠢᠴᠢᠶᠡᠯᠯᠡᠭᠡ ᠶᠢᠨ ᠥᠭᠡᠷᠡᠴᠢᠯᠡᠯᠲᠡ ᠳᠠᠰᠤᠷᠠᠯᠳᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠬᠢᠴᠢᠶᠡᠯ ᠤᠨ ᠲᠠᠩᠬᠢᠮ ᠳᠠᠬᠢ ᠰᠤᠷᠤᠬᠴᠢ ᠶᠢᠨ ᠭᠤᠣᠯ | ᠴᠣᠭᠴᠠ ᠶᠢᠨ ᠦᠢᠯᠡᠳᠦᠯ ᠢ ᠭᠦᠨᠳᠦᠳᠭᠡᠵᠦ᠂ ᠲᠡᠳᠡᠨ ᠤ ᠠᠰᠠᠭᠤᠯᠳᠠ ᠳᠤᠷᠠᠳᠬᠤ ᠴᠢᠳᠠᠪᠤᠷᠢ ᠶᠢ ᠴᠢᠬᠤᠯᠠᠴᠢᠯᠠᠨ ᠬᠥᠮᠥᠵᠢᠭᠦᠯᠪᠡᠯ ᠵᠢᠭᠠᠨ ᠰᠤᠷᠭᠠᠯᠲᠠ ᠶᠢᠨ | ᠬᠠᠷᠠᠯᠲᠠ ᠵᠣᠷᠢᠯᠲᠠ ᠳᠠᠭᠠᠨ ᠬᠦᠷᠬᠦ ᠨᠢ ᠡᠨᠡᠦᠬᠡᠨ ᠳᠤ᠃ | | | |