ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠷᠪᠠᠨ ᠭᠤᠷᠪᠠᠳᠤᠭᠠᠷ ᠤᠳᠠᠭᠠᠨ ᠤ ᠸᠢᠳᠢᠣ᠋ ᠬᠤᠷᠠᠯ ᠵᠢᠴᠢ ᠲᠡᠷᠭᠡᠯ ᠰᠠᠷᠠ ᠶᠢᠨ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/27
      9 ᠰᠠᠷ᠎ᠠ ᠶᠢᠨ 26 ᠤ ᠡᠳᠦᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠷᠪᠠᠨ ᠭᠤᠷᠪᠠᠳᠤᠭᠠᠷ ᠤᠳᠠᠭᠠᠨ ᠤ ᠸᠢᠳᠢᠣ᠋ ᠰᠠᠨᠠᠭᠤᠯᠤᠮᠵᠢ ᠶᠢᠨ ᠬᠤᠷᠠᠯ ᠵᠢᠴᠢ ᠲᠡᠷᠭᠡᠯ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠸᠠᠩ ᠭᠦᠸᠧ ᠴᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠰᠢᠤᠢ ᠷᠦᠢ ᠹᠧᠩ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠤᠶᠤᠨᠪᠠᠭᠠᠨ᠎ᠠ᠂ ᠯᠢᠦ ᠲᠢᠶᠠᠨ ᠶᠦᠨ᠂ ᠼᠦᠢ ᠵᠢᠩ᠂ ᠨᠠᠰᠤᠨᠳᠡᠯᠭᠡᠷ ᠬᠤᠷᠠᠯ ᠳᠤ ᠣᠷᠣᠯᠴᠠᠵᠠᠶ᠃
1.jpg
      ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠬᠡᠪᠴᠢᠶᠡᠨ ᠳᠠᠬᠢ ᠦᠢᠯᠡᠳᠪᠦᠷᠢᠯᠡᠯ ᠤᠨ ᠠᠮᠤᠷ ᠲᠦᠪᠰᠢᠨ ᠤ ᠨᠡᠶᠢᠲᠡᠯᠢᠭ ᠠᠵᠢᠯ ᠪᠣᠯᠤᠨ ᠡᠯ᠎ᠡ ᠲᠦᠷᠦᠯ ᠤᠨ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠭᠦᠨ ᠦ᠋ ᠴᠢᠶᠠᠩ ᠫᠷᠤᠹᠧᠰᠰᠤᠷ ᠢ ᠤᠷᠢᠵᠤ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠪᠣᠳᠠᠲᠠᠢ ᠠᠳᠡᠯ ᠤᠨ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠲᠤᠬᠠᠢ ᠶᠢᠨ ᠲᠠᠯᠠᠪᠠᠢ ᠳᠤ ᠬᠢᠴᠢᠶᠡᠯ ᠣᠷᠣᠭᠤᠯᠪᠠ᠃ ᠸᠠᠩ ᠭᠦᠸᠧ ᠴᠢᠤᠸᠠᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠲᠠᠯᠪᠢᠵᠤ᠂ ᠡᠯ᠎ᠡ ᠬᠤᠰᠢᠭᠤ ᠳᠡᠳ᠋ ᠳᠠᠷᠤᠭ᠎ᠠ ᠲᠣᠰ ᠲᠣᠰ ᠤᠨ ᠬᠦᠷᠢᠶ᠎ᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃      ᠸᠠᠩ ᠭᠦᠸᠧ ᠴᠢᠤᠸᠠᠨ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠠᠮᠤᠷ ᠲᠦᠪᠰᠢᠨ ᠢᠶᠠᠷ ᠬᠥᠭᠵᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠴᠠᠭ ᠬᠤᠭᠤᠴᠠᠭᠠᠨ ᠤ ᠣᠨᠴᠠᠯᠢᠭ ᠲᠠᠢ ᠨᠢᠭᠲᠠ ᠤᠶᠠᠯᠳᠤᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠴᠢᠩᠭ᠎ᠠ ᠬᠠᠮᠢᠶᠠᠷᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠣᠨᠴᠠᠯᠢᠭ ᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠳᠡᠯ ᠭᠠᠷᠬᠤ ᠶᠢ ᠬᠤᠷᠢᠭᠯᠠᠬᠤ ᠬᠡᠷᠡᠭᠲᠡᠶ᠃ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠠᠶᠤᠯᠭᠦᠶ ᠦᠶᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠡᠷᠡᠰ ᠰᠢᠭᠤᠷᠬᠠᠶ ᠪᠠᠷ ᠬᠦᠷᠴᠦ᠂ ᠱᠠᠩᠨᠠᠵᠤ ᠲᠣᠷᠭᠠᠬᠤ ᠶᠢ ᠲᠣᠳᠣᠷᠬᠠᠶ ᠪᠠᠶᠢᠯᠭᠠᠬᠤ ᠶᠢ ᠪᠡᠶᠡᠯᠡᠭᠦᠯᠦᠨ᠂ ᠲᠣᠭᠤᠷᠢᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠪᠠᠶᠠᠷ ᠤᠨ ᠡᠳᠦᠷ᠂ ᠴᠠᠭ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠭᠤᠣᠯᠳᠠᠯᠭ᠎ᠠ ᠲᠠᠢ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠪᠦᠬᠦ ᠡᠩᠨᠡᠭᠡ᠂ ᠰᠢᠢᠳᠪᠦᠷᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠵᠠᠬᠢᠳᠠᠯ ᠰᠤᠷᠪᠤᠯᠵᠢᠯᠠᠯ ᠢᠶᠠᠷ ᠠᠮᠤᠷ ᠲᠣᠭᠲᠠᠭᠤᠨ ᠢ ᠬᠠᠮᠠᠭᠠᠯᠠᠬᠤ᠂ ᠵᠠᠭᠠᠯᠳᠤᠯᠭ᠎ᠠ ᠶᠢ ᠬᠦᠯᠢᠶᠡᠮᠡᠭᠴᠡ ᠰᠢᠢᠳᠪᠦᠷᠢᠯᠡᠬᠦ᠂ ᠬᠥᠳᠡᠯᠮᠦᠷᠢ ᠶᠢᠨ ᠪᠠᠲᠤᠯᠠᠭ᠎ᠠ᠂ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠤᠯᠠᠨ ᠲᠦᠮᠡᠨ ᠤ ᠰᠠᠨᠠᠭ᠎ᠠ ᠠᠮᠤᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ