9 ᠰᠠᠷ᠎ᠠ ᠶᠢᠨ 26 ᠤ ᠡᠳᠦᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠷᠪᠠᠨ ᠭᠤᠷᠪᠠᠳᠤᠭᠠᠷ ᠤᠳᠠᠭᠠᠨ ᠤ ᠸᠢᠳᠢᠣ᠋ ᠰᠠᠨᠠᠭᠤᠯᠤᠮᠵᠢ ᠶᠢᠨ | ᠬᠤᠷᠠᠯ ᠵᠢᠴᠢ ᠲᠡᠷᠭᠡᠯ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠸᠠᠩ ᠭᠦᠸᠧ ᠴᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠬᠤᠰᠢᠭᠤ ᠳᠡᠳ᠋ ᠳᠠᠷᠤᠭ᠎ᠠ ᠰᠢᠤᠢ ᠷᠦᠢ ᠹᠧᠩ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠤᠶᠤᠨᠪᠠᠭᠠᠨ᠎ᠠ᠂ ᠯᠢᠦ | ᠲᠢᠶᠠᠨ ᠶᠦᠨ᠂ ᠼᠦᠢ ᠵᠢᠩ᠂ ᠨᠠᠰᠤᠨᠳᠡᠯᠭᠡᠷ ᠬᠤᠷᠠᠯ ᠳᠤ ᠣᠷᠣᠯᠴᠠᠵᠠᠶ᠃ | ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠬᠡᠪᠴᠢᠶᠡᠨ ᠳᠠᠬᠢ ᠦᠢᠯᠡᠳᠪᠦᠷᠢᠯᠡᠯ ᠤᠨ ᠠᠮᠤᠷ ᠲᠦᠪᠰᠢᠨ ᠤ ᠨᠡᠶᠢᠲᠡᠯᠢᠭ ᠠᠵᠢᠯ ᠪᠣᠯᠤᠨ | ᠡᠯ᠎ᠡ ᠲᠦᠷᠦᠯ ᠤᠨ ᠲᠤᠰᠬᠠᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠭᠡᠰᠢᠭᠦᠨ ᠦ᠋ ᠴᠢᠶᠠᠩ ᠫᠷᠤᠹᠧᠰᠰᠤᠷ ᠢ ᠤᠷᠢᠵᠤ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠪᠣᠳᠠᠲᠠᠢ ᠠᠳᠡᠯ ᠤᠨ | ᠬᠡᠷᠡᠭ ᠤᠨ ᠵᠢᠱᠢᠶ᠎ᠡ ᠶᠢᠨ ᠲᠣᠭᠤᠷᠢᠨ ᠳᠤ ᠲᠤᠬᠠᠢ ᠶᠢᠨ ᠲᠠᠯᠠᠪᠠᠢ ᠳᠤ ᠬᠢᠴᠢᠶᠡᠯ ᠣᠷᠣᠭᠤᠯᠪᠠ᠃ ᠸᠠᠩ ᠭᠦᠸᠧ ᠴᠢᠤᠸᠠᠨ ᠪᠠᠶᠠᠷ ᠤᠨ ᠡᠳᠦᠷ ᠤᠨ ᠬᠤᠭᠤᠴᠠᠭᠠᠨ ᠳᠠᠬᠢ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠲᠠᠯᠪᠢᠵᠤ᠂ ᠡᠯ᠎ᠡ ᠬᠤᠰᠢᠭᠤ ᠳᠡᠳ᠋ ᠳᠠᠷᠤᠭ᠎ᠠ ᠲᠣᠰ ᠲᠣᠰ ᠤᠨ ᠬᠦᠷᠢᠶ᠎ᠡ ᠶᠢᠨ ᠢᠶᠠᠨ | ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠵᠡᠶ᠃ | ᠸᠠᠩ ᠭᠦᠸᠧ ᠴᠢᠤᠸᠠᠨ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠠᠮᠤᠷ | ᠲᠦᠪᠰᠢᠨ ᠢᠶᠠᠷ ᠬᠥᠭᠵᠢᠭᠦᠯᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠬᠡᠷᠡᠭᠲᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠴᠠᠭ ᠬᠤᠭᠤᠴᠠᠭᠠᠨ ᠤ ᠣᠨᠴᠠᠯᠢᠭ ᠲᠠᠢ ᠨᠢᠭᠲᠠ | ᠤᠶᠠᠯᠳᠤᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠶᠢ | ᠪᠠᠷᠢᠮᠲᠠᠯᠠᠵᠤ᠂ ᠴᠢᠩᠭ᠎ᠠ ᠬᠠᠮᠢᠶᠠᠷᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ | ᠡᠳᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠣᠨᠴᠠᠯᠢᠭ ᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠳᠡᠯ ᠭᠠᠷᠬᠤ ᠶᠢ ᠬᠤᠷᠢᠭᠯᠠᠬᠤ ᠬᠡᠷᠡᠭᠲᠡᠶ᠃ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ | ᠠᠶᠤᠯᠭᠦᠶ ᠦᠶᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠡᠷᠡᠰ | ᠰᠢᠭᠤᠷᠬᠠᠶ ᠪᠠᠷ ᠬᠦᠷᠴᠦ᠂ ᠱᠠᠩᠨᠠᠵᠤ ᠲᠣᠷᠭᠠᠬᠤ ᠶᠢ ᠲᠣᠳᠣᠷᠬᠠᠶ ᠪᠠᠶᠢᠯᠭᠠᠬᠤ ᠶᠢ ᠪᠡᠶᠡᠯᠡᠭᠦᠯᠦᠨ᠂ ᠲᠣᠭᠤᠷᠢᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ | ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠦᠨᠳᠦᠰᠦᠨ | ᠱᠠᠲᠤᠨ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠪᠠᠶᠠᠷ ᠤᠨ ᠡᠳᠦᠷ᠂ ᠴᠠᠭ ᠤᠨ | ᠣᠨᠴᠠᠯᠢᠭ ᠲᠠᠢ ᠨᠢᠭᠲᠠ ᠤᠶᠠᠯᠳᠤᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ | ᠬᠠᠩᠭᠠᠬᠤ᠂ ᠢᠯᠴᠢ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠭᠤᠣᠯᠳᠠᠯᠭ᠎ᠠ ᠲᠠᠢ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠪᠦᠬᠦ ᠡᠩᠨᠡᠭᠡ᠂ ᠰᠢᠢᠳᠪᠦᠷᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠵᠠᠬᠢᠳᠠᠯ | ᠰᠤᠷᠪᠤᠯᠵᠢᠯᠠᠯ ᠢᠶᠠᠷ ᠠᠮᠤᠷ ᠲᠣᠭᠲᠠᠭᠤᠨ ᠢ ᠬᠠᠮᠠᠭᠠᠯᠠᠬᠤ᠂ ᠵᠠᠭᠠᠯᠳᠤᠯᠭ᠎ᠠ ᠶᠢ ᠬᠦᠯᠢᠶᠡᠮᠡᠭᠴᠡ ᠰᠢᠢᠳᠪᠦᠷᠢᠯᠡᠬᠦ᠂ ᠬᠥᠳᠡᠯᠮᠦᠷᠢ ᠶᠢᠨ ᠪᠠᠲᠤᠯᠠᠭ᠎ᠠ᠂ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠤᠯᠠᠨ ᠲᠦᠮᠡᠨ ᠤ ᠰᠠᠨᠠᠭ᠎ᠠ ᠠᠮᠤᠷ | ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ |