9 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠤᠯᠠᠭᠠᠨᠪᠠᠯᠭᠠᠰᠤ᠂ ᠴᠢ ᠫᠠᠨ ᠵᠢᠩ ᠪᠠᠯᠭᠠᠰᠤᠨ ᠳᠤ | ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ | ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ | ᠂ ᠠᠯᠪᠠᠨ ᠬᠡᠷ ᠤᠨ ᠡᠷᠬᠢᠯᠡᠭᠴᠢ ᠯᠢᠦ ᠷᠦᠢ ᠣᠷᠣᠯᠴᠠᠵᠠᠶ᠃ | ᠴᠢ ᠫᠠᠨ ᠵᠢᠩ ᠤᠨ ᠢᠯᠴᠢ ᠶᠢᠨ ᠡᠬᠢ ᠶᠢ ᠣᠷᠣᠯᠠᠭᠤᠯᠬᠤ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠦᠭᠡᠳ᠂ ᠭᠤᠤ ᠬᠤᠸᠠᠢ ᠵᠢᠩ | ᠲᠦᠷᠦᠯ ᠵᠦᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠤᠯ ᠤᠨ ᠢᠯᠴᠢ ᠬᠠᠩᠭᠠᠬᠤ ᠰᠢᠰᠲ᠋ᠧᠮ ᠤᠨ ᠬᠤᠭᠤᠯᠠᠢ ᠶᠢᠨ ᠲᠣᠣᠷ ᠤᠨ | ᠬᠠᠮᠠᠭᠠᠯᠠᠯᠲᠠ᠂ ᠲᠤᠬᠢᠷᠠᠭᠤᠯᠤᠨ ᠲᠤᠷᠰᠢᠨ ᠠᠵᠢᠯᠯᠠᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠠᠵᠢᠯ ᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠤᠨ ᠰᠠᠶᠢᠲᠤᠷ ᠬᠢᠵᠦ᠂ 10 ᠰᠠᠷ᠎ᠠ ᠶᠢᠨ 1 ᠤ ᠡᠳᠦᠷ ᠲᠣᠭᠲᠠᠭᠰᠠᠨ ᠬᠤᠭᠤᠴᠠᠭᠠᠨ ᠳᠤ ᠢᠯᠴᠢ ᠬᠠᠩᠭᠠᠬᠤ᠂ ᠳᠤᠯᠠᠭᠠᠨ ᠤ ᠬᠡᠮᠵᠢᠶ᠎ᠡ ᠶᠢ ᠪᠠᠷᠢᠮᠵᠢᠶ᠎ᠠ ᠳᠤ | ᠬᠦᠷᠭᠡᠬᠦ᠂ ᠤᠯᠠᠨ ᠲᠦᠮᠡᠨ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠣᠷᠣᠯᠠᠨ ᠬᠢᠬᠦ ᠢᠨᠵᠧᠨᠧᠷᠢᠩ ᠤᠨ ᠪᠣᠶ ᠪᠥᠬᠦᠶ ᠠᠵᠢᠯ ᠤᠨ | ᠬᠡᠰᠡᠭ ᠢ ᠬᠡᠰᠡᠭ ᠬᠤᠪᠢᠶᠠᠨ ᠲᠤᠰᠬᠠᠶ ᠬᠥᠮᠦᠨ ᠳᠣᠭᠢᠷᠠᠭᠤᠯᠤᠨ ᠪᠥᠬᠦ ᠶᠠᠪᠤᠴᠠ ᠶᠢ ᠲᠤᠬᠠᠶ ᠶᠢᠨ ᠲᠠᠯᠠᠪᠤᠷ ᠲᠤᠨᠢ ᠠᠩᠬᠠᠷᠴᠤ᠂ ᠶᠠᠰᠤ ᠴᠢᠨᠠᠷ ᠪᠠ ᠠᠮᠤᠷ ᠲᠦᠪᠰᠢᠨ ᠢ | ᠪᠠᠲᠤᠯᠠᠭᠰᠠᠨ ᠤᠷᠢᠲᠠᠯ ᠳᠣᠤᠷ᠎ᠠ᠂ ᠠᠬᠢᠴᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠦᠷᠭᠡᠳᠬᠡᠨ᠂ ᠠᠵᠢᠯ ᠤᠨ ᠬᠤᠭᠤᠴᠠᠭ᠎ᠠ ᠶᠢ ᠪᠣᠭᠤᠨᠢᠰᠬᠠᠵᠤ᠂ ᠠᠷᠠᠳ ᠢ | ᠦᠢᠮᠡᠭᠦᠯᠬᠦ ᠶᠢ ᠪᠠᠭᠠᠰᠬᠠᠨ᠂ ᠣᠯᠠᠨ ᠲᠦᠮᠡᠨ ᠤ ᠲᠠᠶᠢᠯᠪᠤᠷᠢᠯᠠᠬᠤ ᠠᠵᠢᠯ ᠢ ᠬᠦᠯᠢᠴᠡᠩᠭᠦᠶ ᠨᠢᠮᠪᠠᠶ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ | ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠬᠦ ᠬᠡᠷᠡᠭᠲᠡᠶ ᠭᠡᠵᠡᠢ᠃ | ᠵᠧᠩ ᠱᠧᠩ ᠢᠯᠴᠢ ᠬᠠᠩᠭᠠᠬᠤ ᠺᠣᠮᠫᠠᠨᠢ ᠳᠤ ᠬᠦᠷᠦᠭᠡᠳ ᠭᠤᠤ ᠬᠤᠸᠠᠢ ᠵᠢᠩ ᠨᠡᠭᠦᠷᠡᠰᠦ ᠨᠥᠭᠡᠴᠡᠯᠡᠬᠦ᠂ ᠬᠤᠭᠤᠯᠠᠢ ᠲᠣᠣᠷ ᠢ ᠵᠢᠭᠰᠠᠭᠠᠨ ᠪᠠᠶᠢᠴᠠᠭᠠᠬᠤ᠂ | ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠤᠰᠤ ᠣᠷᠣᠭᠤᠯᠵᠤ ᠳᠠᠷᠤᠯᠲᠠ | ᠨᠡᠮᠡᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠴᠢ ᠫᠠᠨ ᠵᠢᠩ ᠤᠨ ᠵᠧᠩ ᠹᠧᠩ ᠨᠡᠭᠦᠷᠡᠰᠦᠨ ᠠᠭᠤᠷᠬᠠᠢ ᠳᠤ ᠬᠦᠷᠦᠭᠡᠳ ᠭᠤᠤ ᠬᠤᠸᠠᠢ ᠵᠢᠩ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ | ᠡᠵᠡᠮᠳᠡᠬᠦ ᠲᠠᠪᠴᠠᠩ ᠤᠨ ᠲᠤᠬᠠᠢ ᠶᠢᠨ ᠴᠠᠭ ᠤᠨ ᠲᠤᠭ᠎ᠠ ᠪᠠᠷᠢᠮᠲᠠ ᠶᠢ ᠪᠠᠶᠢᠴᠠᠭᠠᠨ ᠦᠵᠡᠵᠦ᠂ ᠡᠳᠦᠷ ᠳᠤᠳᠤᠮ ᠤᠨ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠶᠢᠨ ᠪᠠᠶᠢᠳᠠᠯ ᠢ ᠨᠠᠷᠢᠨ ᠤᠶᠢᠯᠠᠭᠠᠨ᠂ ᠡᠯ᠎ᠡ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠢᠨ ᠭᠦᠢᠵᠧᠦ ᠶᠢᠨ ᠯᠢᠦ ᠫᠠᠨ ᠱᠦᠢ ᠬᠤᠳᠠ ᠶᠢᠨ | ᠨᠡᠭᠦᠷᠡᠰᠦᠨ ᠠᠭᠤᠷᠬᠠᠢ ᠶᠢᠨ ︽9 · 24︾ ᠭᠠᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠮᠤᠷ ᠲᠦᠪᠰᠢᠨ ᠬᠥᠭᠵᠢᠯᠲᠡ ᠶᠢᠨ | ᠤᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠡᠭᠡᠯᠵᠢ ᠶᠢᠨ ᠡᠮᠦᠨᠡᠬᠢ ᠬᠤᠷᠠᠯ ᠤᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠤᠨ᠂ | ᠪᠦᠬᠦ ᠠᠵᠢᠯᠳᠠᠨ ᠤ ᠰᠡᠷᠡᠮᠵᠢᠯᠡᠭᠦᠯᠬᠦ ᠬᠥᠮᠦᠵᠢᠯ ᠤᠨ ᠪᠣᠯᠪᠠᠰᠤᠷᠠᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯᠳᠠᠨ ᠤ ᠪᠠᠶᠢᠳᠠᠯ ᠢ ᠴᠠᠭ ᠲᠤᠬᠠᠢ ᠳᠤᠨᠢ ᠤᠶᠢᠯᠠᠭᠠᠨ | ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠥᠷᠲᠡᠭᠡ ᠳᠤ ᠬᠦᠷᠦᠭᠡᠳ ᠭᠤᠤ ᠬᠤᠸᠠᠢ ᠵᠢᠩ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠭᠤᠷᠢᠨ | ᠬᠠᠮᠠᠭᠠᠯᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠤᠭᠰᠠᠨ ᠠᠬᠢᠴᠠ ᠶᠢ ᠣᠶᠢᠯᠠᠭᠠᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠲᠣᠭᠤᠷᠢᠨ ᠬᠠᠮᠠᠭᠠᠯᠠᠬᠤ ᠲᠤᠰᠬᠠᠶ ᠡᠩᠨᠡᠭᠡ ᠶᠢ ᠲᠡᠭᠦᠯᠳᠡᠷᠵᠢᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ | ᠴᠢᠩᠭᠠᠳᠬᠠᠨ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠥᠬᠦ ᠬᠤᠰᠢᠭᠤᠨ ᠤ | ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ |