ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ᠄ ᠲᠠᠪᠣᠳᠣᠭᠠᠷ ᠣᠳᠠᠭᠠᠨ ᠤ ᠪᠥᠬᠦ ᠣᠯᠣᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠳᠠ  ᠶᠢ ᠪᠥᠬᠦ ᠲᠠᠯ᠎ᠠ ᠪᠠᠷ ᠥᠷᠨᠢᠭᠦᠯᠵᠦ ᠬᠥᠷᠢᠶᠡᠯᠡᠩ ᠲᠣᠭᠤᠷᠢᠭ ᠤᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠵᠣ  ᠪᠠᠶᠢᠨ᠎ᠠ
ᠨᠡᠶᠢᠲᠡᠯᠡᠭᠰᠡᠨ ᠴᠠᠭ᠄
2023/9/5
      ᠣᠳᠣᠷᠢᠳᠬᠠᠯ᠄ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ  ᠥᠨᠡᠨᠬᠦ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ  ᠨᠡᠶᠢᠳᠡᠮ ᠪᠠᠶᠢᠴᠠᠭᠠᠯᠲᠠ ᠶᠢᠨ ᠲᠣᠬᠠᠢ ᠣᠶᠢᠯᠠᠭᠠᠬᠤ ᠬᠡᠮᠵᠢᠶ᠎ᠡ᠂ ᠳᠡᠮᠵᠢᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠤᠭᠤᠷᠢᠭ ᠳᠡᠭᠡᠳᠦ ᠬᠡᠮᠵᠢᠶ᠎ᠡ ᠪᠠᠷ ᠠᠬᠢᠭᠤᠯᠵᠤ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠬᠦᠷᠢᠶᠡᠯᠡᠩ ᠲᠣᠭᠤᠷᠢᠭ ᠤᠨ ᠪᠠᠶᠢᠳᠠᠯ ᠢ ᠨᠠᠷᠢᠨ ᠬᠢᠨᠠᠮᠠᠭᠠᠶ  ᠣᠶᠢᠯᠠᠭᠠᠵᠣ ᠪᠣᠢ
09c692ba636cf34b77ff791b3b8329a.jpg
      ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ   ᠲᠤᠭᠤᠷᠢᠭ ᠥᠨᠳᠥᠷ ᠪᠠᠶᠢᠷᠢ ᠠᠴᠠ ᠲᠥᠯᠥᠪᠵᠢᠭᠦᠯᠦᠨ᠂ ᠥᠨᠳᠥᠷ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠭᠰᠡᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠮᠬᠢ ᠵᠢᠷᠤᠮ ᠲᠠᠢ  ᠶᠠᠪᠣᠭᠳᠠᠬᠤ ᠶᠢ  ᠥᠨᠡᠨᠬᠦ ᠪᠠᠲᠤᠯᠠᠬᠤ ᠶᠢᠨ ᠬᠠᠮᠲᠤ ︽ᠬᠤᠶᠠᠷ ᠠᠵᠢᠯᠳᠠᠨ︾ ᠢ ᠰᠣᠩᠭᠤᠨ ᠲᠣᠮᠢᠯᠠᠵᠤ ᠪᠥᠬᠦ ᠬᠤᠰᠢᠭᠤᠨ ᠤ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠯᠪᠠᠰᠤᠷᠠᠯ  ᠳᠤ ᠢᠳᠡᠪᠬᠢᠲᠡᠶ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ  ᠲᠡᠭᠡᠭᠰᠢᠯᠡᠬᠦᠯᠥᠭᠰᠡᠨ ᠪᠠᠶᠢᠨ᠎ᠠ᠃
955e7b5ff5e3213b4d396c4e4f7d1e2.jpg      ᠴᠢ ᠫᠠᠨ ᠵᠢᠩ᠂ ᠮᠧᠩ ᠰᠢ ᠠᠵᠤ  ᠥᠢᠯᠡᠰ ᠤᠨ ᠬᠦᠷᠢᠶᠡᠯᠡᠩ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ
ᠪᠠᠶᠢᠴᠠᠭᠠᠯᠲᠠ ᠶᠢᠨ ᠤᠬᠠᠭᠤᠯᠭ᠎ᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠠᠯᠭᠠᠰᠤᠨ ᠤ ᠵᠠᠰᠠᠭ ᠤᠨ ᠣᠷᠳᠣᠨ ᠨᠡᠶᠢᠭᠡᠮ ᠲᠣᠭᠤᠷᠢᠭ  ᠭᠠᠴᠠᠭ᠎ᠠ ᠲᠠᠢ ᠬᠠᠮᠵᠢᠯᠴᠠᠨ᠂ ᠠᠳᠠᠯᠢ ᠪᠤᠰᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠬᠠᠨᠳᠤᠭᠤᠯᠤᠨ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠭᠤᠤᠯ ᠠᠭᠤᠯᠭ᠎ᠠ ᠶᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠂ ᠤᠬᠠᠭᠤᠯᠭ᠎ᠠ ᠶᠢᠨ ᠨᠥᠯᠥᠭᠡ ᠶᠢ ᠥᠷᠭᠡᠳᠬᠡᠪᠡ᠃ ᠣᠳᠣᠬᠠᠨ ᠪᠣᠯᠲᠠᠯ᠎ᠠ᠂ ᠡᠯ᠎ᠡ ᠠᠵᠤ ᠠᠬᠤᠶᠢᠯᠠᠯ ᠳᠤ ᠡᠯ᠎ᠡ ᠲᠥᠷᠥᠯ ᠤᠨ ᠡᠯᠧᠺᠲᠷᠣᠨ ᠳᠡᠯᠭᠡᠴᠡ ᠪᠠᠷ ᠳᠠᠮᠵᠢᠭᠤᠯᠤᠨ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠮᠡᠳᠡᠭᠡ ᠵᠠᠩᠭᠢ ᠶᠢ ᠨᠡᠶᠢᠲᠡ 300 ᠭᠠᠷᠤᠶ ᠤᠳᠠᠭ᠎ᠠ ᠨᠡᠪᠲᠡᠷᠡᠭᠦᠯᠵᠦ᠂ ᠠᠵᠤ ᠠᠬᠤᠶᠢᠯᠠᠯ ᠳᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠶᠢ 200 ᠭᠠᠷᠤᠶ ᠤᠳᠠᠭ᠎ᠠ ᠥᠷᠨᠢᠭᠦᠯᠪᠡ᠃
984a6b3fba0a6a5ff89efe0a656d354.jpg      ᠡᠬᠦᠨ ᠤ ᠬᠠᠮᠳᠣ᠂ ᠨᠡᠭᠡᠭᠡᠯᠲᠡ ᠶᠢᠨ ᠲᠤᠭᠤᠷᠢᠭ ᠤᠨ ︽ᠬᠤᠶᠠᠷ ᠠᠵᠢᠯᠲᠠᠨ︾ ᠨᠡᠶᠢᠳᠡᠮ ᠪᠠᠶᠢᠴᠠᠭᠠᠯᠲᠠ ᠬᠢᠵᠦ ᠪᠠᠶᠢᠭ᠎ᠠ ᠭᠠᠵᠠᠷ ᠲᠤ ᠭᠦᠨᠵᠡᠭᠡᠶᠢᠷᠡᠵᠦ᠂
ᠬᠦᠷᠢᠶᠡᠯᠡᠩ ᠲᠣᠭᠤᠷᠢᠭ ᠤᠨ ᠳᠣᠲᠣᠷ᠎ᠠ ᠠᠵᠤ ᠠᠬᠤᠶ ᠨᠡᠶᠢᠭᠡᠮ ᠤᠨ ᠠᠵᠢᠯᠯᠠᠭ᠎ᠠ ᠬᠢᠵᠦ ᠪᠠᠶᠢᠭ᠎ᠠ ᠪᠦᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠵᠢᠴᠢ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ ᠪᠠᠶᠢᠨ᠎ᠠ᠃  ᠣᠳᠣᠬᠠᠨ ᠪᠣᠯᠲᠠᠯ᠎ᠠ᠂ ᠴᠢ ᠫᠠᠨ ᠵᠢᠩ ᠬᠦᠷᠢᠶᠡᠯᠡᠩ ᠲᠣᠭᠤᠷᠢᠭ᠂ ᠪᠠᠯᠭᠠᠰᠤᠨ ᠤ 380 ᠠᠵᠤ ᠠᠬᠤᠶᠢᠯᠠᠯ ᠪᠠ 2743 ᠬᠤᠪᠢ ᠶᠢᠨ  ᠥᠢᠯᠡᠳᠪᠣᠷᠢ ᠬᠤᠳᠠᠯᠳᠤᠭᠠᠨ ᠤ ᠡᠷᠦᠬᠡ᠂  ᠮᠧᠩ ᠰᠢ ᠠᠵᠤ ᠥᠢᠯᠡᠰ  ᠤᠨ ᠬᠦᠷᠢᠶᠡᠯᠡᠩ ᠤᠨ 143 ᠠᠵᠤ ᠠᠬᠤᠶᠢᠯᠠᠯ ᠪᠠ 12 ᠬᠤᠪᠢ ᠶᠢᠨ ᠥᠢᠯᠡᠳᠪᠣᠷᠢ ᠬᠤᠳᠠᠯᠳᠤᠭᠠᠨ ᠤ ᠡᠷᠦᠬᠡ ᠶᠢ ᠪᠠᠶᠢᠴᠠᠭᠠᠨ ᠲᠣᠳᠣᠷᠬᠠᠶᠢᠯᠠᠵᠠᠶ᠃
d837a9939f6a51a3c369d222ee58363.jpg
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ