ᠪᠠᠢ · ᠭᠡᠷᠡᠯᠲᠦ
ᠨᠡᠶᠢᠲᠡᠯᠡᠭᠰᠡᠨ ᠴᠠᠭ᠄
2023/9/7
      ᠮᠤᠩᠭᠤᠯ ᠦᠨᠳᠦᠰᠦᠲᠡᠨ᠂ ᠶᠡᠭᠡ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ᠃ ᠤᠷᠴᠢᠭᠤᠯᠤᠭᠴᠢ ᠶᠢᠨ ᠴᠤᠯᠠ ᠲᠠᠢ᠃ ᠤᠷᠢᠳ ᠬᠤᠵᠢᠳ ᠳᠠᠯᠠᠳ ᠬᠤᠰᠢᠭᠤᠨ ᠤ ᠰᠤᠬᠠᠶᠢᠲᠤ ᠪᠠᠭ᠎ᠠ ᠰᠤᠷᠭᠠᠭᠤᠯᠢ ᠶᠢᠨ ᠪᠠᠭᠰᠢ᠂ ᠤᠲᠤᠭ ᠬᠤᠰᠢᠭᠤᠨ ᠤ ᠠᠵᠢᠯ ᠮᠡᠷᠭᠡᠵᠢᠯ ᠤᠨ ᠮᠤᠩᠭᠤᠯ ᠳᠤᠮᠳᠠᠳᠤ ᠰᠤᠷᠭᠠᠭᠤᠯᠢ ᠶᠢᠨ ᠪᠠᠭᠰᠢ ᠪᠠ ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠷᠢᠨ ᠪᠢᠴᠢᠭᠡᠴᠢ᠂ ᠠᠯᠪᠠᠨ ᠭᠡᠷ ᠤᠨ ᠳᠡᠳ᠋ ᠡᠷᠬᠢᠯᠡᠭᠴᠢ ᠵᠡᠷᠭᠡ ᠳᠤᠰᠢᠶᠠᠯ ᠢ ᠬᠠᠷᠢᠭᠤᠴᠠᠵᠤ᠂ ᠤᠳᠤ ᠶᠡᠷᠦᠩᠬᠡᠢ ᠵᠥᠪᠯᠡᠯ ᠤᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠨ᠎ᠠ᠃ ᠤᠤᠯ ᠨᠤᠲᠤᠭ ᠳᠠᠯᠠᠳ ᠬᠤᠰᠢᠭᠤᠨ ᠤ ᠰᠤᠬᠠᠶᠢᠲᠤ᠃ ᠬᠠᠷᠠᠬᠠᠨ ᠪᠠᠭ᠎ᠠ ᠠᠴᠠ  ᠪᠠᠨ ᠳᠠᠭᠤᠤ ᠤᠷᠠᠯᠢᠭ ᠲᠤ ᠳᠤᠷ᠎ᠠ ᠪᠠᠬ᠎ᠠ ᠲᠠᠢ᠂ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠵᠤᠬᠢᠶᠠᠨ ᠪᠥᠲᠥᠭᠡᠬᠦ ᠳᠤ ᠤᠷᠤᠯᠴᠠᠵᠤ᠂ ᠤᠷᠢᠳ ᠬᠤᠵᠢᠳ ᠤᠷᠤᠨ ᠠᠶᠢᠮᠠᠭ ᠬᠤᠲᠠ ᠪᠠ ᠬᠤᠰᠢᠭᠤ ᠱᠠᠲᠤᠨ ᠤ ᠰᠤᠨᠢᠨ ᠰᠡᠳᠬᠦᠯ ᠳᠤ ᠤᠯᠠᠨ ᠠᠷᠪᠢᠨ ᠮᠡᠳᠡᠭᠡ ᠴᠢᠮᠡᠭᠡᠯᠡᠯ᠂ ᠰᠢᠯᠦᠭ ᠦᠭᠦᠯᠡᠯᠭᠡ ᠨᠡᠶᠢᠲᠡᠯᠡᠵᠦ ᠥᠩᠭᠡᠷᠡᠵᠡᠢ᠃ ᠤᠷᠴᠢᠮ ᠤᠨ ᠵᠢᠯ ᠤᠳ ᠲᠤ ᠲᠤᠮᠤ ᠬᠡᠯᠪᠡᠷᠢ ᠶᠢᠨ ᠵᠢᠷᠤᠭᠲᠤ ᠳᠡᠪᠲᠡᠷ᠂ ᠭᠠᠵᠠᠷ ᠤᠷᠤᠨ ᠤ ᠤᠶᠢᠯᠠᠯᠭ᠎ᠠ ᠶᠢ ᠤᠯᠠᠨ ᠪᠢᠴᠢᠵᠦ ᠬᠡᠪᠯᠡᠭᠦᠯᠵᠡᠢ᠃ ᠤᠳᠤ ᠪᠠᠰᠠ ᠤᠲᠤᠭ ᠬᠤᠰᠢᠭᠤᠨ ᠤ ᠤᠷᠠᠨ ᠪᠢᠴᠢᠯᠭᠡ ᠶᠢᠨ ᠨᠡᠶᠢᠬᠡᠮᠯᠢᠭ ᠤᠨ ᠭᠡᠰᠢᠭᠦᠨ᠂ ᠤᠲᠤᠭ ᠬᠤᠰᠢᠭᠤᠨ ᠤ ᠳᠠᠭᠤᠤ ᠬᠥᠭᠵᠢᠮ ᠤᠨ ᠨᠡᠶᠢᠬᠡᠮᠯᠢᠭ ᠤᠨ ᠳᠡᠳ᠋ ᠲᠡᠷᠢᠭᠦᠯᠡᠭᠴᠢ᠂ ᠤᠲᠤᠭ ᠬᠤᠰᠢᠭᠤᠨ ᠤ ᠶᠠᠨ ᠠᠨ ᠤ ᠵᠤᠷᠢᠭ ᠰᠠᠨᠠᠭ᠎ᠠ ᠶᠢ ᠰᠤᠳᠤᠯᠬᠤ ᠡᠪᠯᠡᠯ ᠤᠨ ᠨᠠᠷᠢᠨ ᠪᠢᠴᠢᠭ ᠤᠨ ᠳᠠᠷᠤᠭ᠎ᠠ ᠵᠡᠷᠭᠡ ᠨᠡᠶᠢᠬᠡᠮ ᠤᠨ ᠳᠤᠰᠢᠶᠠᠯ ᠢ ᠬᠠᠷᠢᠭᠤᠴᠠᠵᠤ ᠪᠠᠶᠢᠨ᠎ᠠ᠃                                    ︽ᠵᠡᠭᠦᠳᠦᠨ ᠳᠤ ᠤᠶᠠᠭᠠᠲᠠᠢ ᠤᠶᠠᠩᠭᠠᠨ ᠬᠤᠷᠸ᠎ᠠ︾ ᠪᠠᠢ · ᠭᠡᠷᠡᠯᠲᠦ ᠵᠤᠬᠢᠶᠠᠪᠠ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ