ᠣᠲᠤᠭ ᠬᠤᠰᠢᠭᠤ 39 ᠳ᠋ᠤᠭᠡᠷ ᠬᠤᠭᠤᠴᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠴᠠᠶᠢᠯᠠᠯᠭ᠎ᠠ ᠶᠢᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2023/9/9
      9 ᠰᠠᠷ᠎ᠠ ᠶᠢᠨ 10  ᠤ ᠡᠳᠦᠷ᠂ ᠮᠠᠨ ᠤ ᠬᠤᠰᠢᠭᠤ 39 ᠳ᠋ᠤᠭᠡᠷ ᠬᠤᠭᠤᠴᠠᠭᠠᠨ ᠤ ᠪᠠᠭᠰᠢ ᠶᠢᠨ ᠪᠠᠶᠠᠷ ᠢ ᠪᠡᠯᠭᠡᠯᠡᠬᠦ ᠴᠠᠶᠢᠯᠠᠯᠭ᠎ᠠ ᠶᠢᠨ ᠬᠤᠷᠠᠯ ᠬᠤᠷᠠᠯᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠱᠦᠵᠢ ᠭᠤᠣ ᠬᠤᠸᠠᠢ ᠵᠢᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠷᠦᠢ ᠮᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ᠂ ᠬᠤᠰᠢᠭᠤ ᠤᠳᠤᠷᠢᠳᠤᠯᠭ᠎ᠠ ᠰᠢᠶᠧ ᠢᠦᠢ᠂ ᠵᠠᠩ ᠵᠢᠶᠦ᠋ᠨ᠂ ᠯᠢᠦ ᠷᠦᠢ᠂ ᠮᠠ ᠽᠢ ᠳ᠋ᠦᠩ᠂ ᠤᠷᠠᠨᠴᠢᠮᠡᠭ᠂ ᠼᠦᠢ ᠵᠢᠩ᠂ ᠨᠠᠰᠤᠨᠳᠡᠯᠬᠡᠷ᠂ ᠱᠧ ᠹᠧᠩ᠂ ᠵᠣᠣ ᠡᠾᠦ᠋ᠢ ᠴᠢᠩ ᠵᠢᠴᠢ ᠴᠢᠩᠬᠤᠸᠠ ᠶᠡᠭᠡ ᠰᠤᠷᠭᠠᠭᠤᠯᠢ ᠶᠢᠨ ᠹᠢᠽᠢᠺ ᠤᠨ ᠫᠷᠤᠹᠧᠰᠰᠤᠷ᠂ ᠣᠲᠤᠭ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠢ ᠵᠠᠬᠢᠷᠤᠯ ᠢᠦᠢ ᠵᠢᠩ ᡁᠢ 余京智᠂ ᠴᠢᠩᠬᠤᠸᠠ ᠶᠡᠭᠡ ᠰᠤᠷᠭᠠᠭᠤᠯᠢ ᠶᠢᠨ ᠲᠣᠭᠠᠨ ᠤ ᠤᠬᠠᠭᠠᠨ ᠤ ᠰᠠᠯᠪᠤᠷᠢ ᠶᠢᠨ ᠫᠷᠤᠹᠧᠰᠰᠤᠷ ᠬᠤ᠋ ᡁᠢ ᠮᠢᠩ 扈志明 ᠵᠡᠷᠭᠡ ᠬᠠᠮᠢᠶ᠎ᠠ ᠪᠦᠬᠦᠢ ᠬᠦᠨᠳᠦᠲᠦ ᠵᠣᠴᠢᠳ ᠵᠢᠴᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠪᠥᠬᠦ ᠬᠤᠰᠢᠭᠤᠨ ᠤ ᠬᠥᠬᠢᠭᠦᠯᠦᠯ ᠭᠥᠷᠳᠡᠭᠰᠡᠨ ᠲᠡᠷᠢᠭᠦᠨ ᠤ ᠬᠠᠮᠲᠤ ᠨᠠᠶᠢᠳᠠ ᠪᠠ ᠬᠤᠪᠢ ᠬᠥᠮᠥᠨ᠂ ᠣᠲᠤᠭ ᠤᠨ ᠰᠤᠷᠭᠠᠨ ᠬᠥᠮᠦᠵᠢᠯ ᠤᠨ ᠰᠤᠷᠪᠤᠯᠵᠢᠲᠤ ᠭᠡᠷ ᠪᠦᠯᠢ᠂ ᠬᠤᠰᠢᠭᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠰᠤᠷᠭᠠᠭᠤᠯᠢ ᠶᠢᠨ ᠳᠠᠷᠤᠭ᠎ᠠ᠂ ᠡᠯ᠎ᠡ ᠲᠥᠪ ᠤᠨ ᠡᠷᠬᠢᠯᠡᠭᠴᠢ ᠴᠠᠶᠢᠯᠠᠯᠭ᠎ᠠ ᠳᠤ ᠣᠷᠣᠯᠴᠠᠵᠠᠢ᠃
640.png
          ᠬᠤᠷᠠᠯ ᠳᠤ᠂ ᠼᠦᠢ ᠵᠢᠩ ᠪᠠᠶᠠᠷ ᠤᠨ ᠦᠭᠡ ᠬᠡᠯᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠮᠠᠨ ᠤ ᠬᠤᠰᠢᠭᠤ ᠶᠠᠭ ︽ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠢ ᠪᠠᠬᠢᠵᠢᠭᠦᠯᠵᠦ᠂ ᠡᠯᠢᠬᠡᠨ ᠬᠠᠶᠢᠷᠠᠲᠤ ᠣᠲᠤᠭ ᠢ ᠪᠦᠲᠦᠭᠡᠨ ᠪᠠᠶᠢᠭᠤᠯᠬᠤ︾ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠮᠥᠨ ᠴᠦ ︽2356︾ ᠲᠡᠮᠡᠴᠡᠯ ᠤᠨ ᠬᠠᠷᠠᠯᠲᠠ ᠶᠢ ᠰᠢᠨ᠎ᠡ ᠱᠠᠲᠤᠨ ᠳᠤ ᠣᠷᠣᠭᠤᠯᠬᠤ ᠲᠦᠷᠭᠡᠨ ᠬᠥᠭᠵᠢᠯᠲᠡ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ ᠵᠠᠩᠭᠢᠯᠠᠭ᠎ᠠ ᠨᠢ ᠴᠢᠳᠠᠪᠤᠷᠢᠲᠠᠨ ᠳᠤ ᠪᠣᠶ᠂ ᠵᠠᠩᠭᠢᠯᠠᠭ᠎ᠠ ᠨᠢ ᠪᠠᠭᠰᠢ ᠳᠤ ᠲᠦᠰᠢᠭᠯᠡᠨ᠎ᠡ᠃ ᠪᠢᠳᠡ ︽ᠨᠢᠭᠡ ᠪᠠᠶᠢᠯᠳᠤᠬᠤ ᠪᠣᠳᠣᠯᠭ᠎ᠠ ᠶᠢᠨ ᠳᠡᠭᠡᠭᠰᠢᠯᠡᠯᠲᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠩᠬᠤᠸᠠ ᠶᠡᠭᠡ ᠰᠣᠷᠭᠠᠭᠤᠯᠢ ᠪᠡᠭᠡᠵᠢᠩ ᠶᠡᠭᠡ ᠰᠤᠷᠭᠠᠭᠤᠯᠢ ᠳᠤ ᠵᠤᠷᠢᠭᠤᠯᠤᠭᠰᠠᠨ ᠠᠩᠭᠢ ᠪᠠᠷ ᠲᠤᠯᠭᠠᠭᠤᠷᠢᠯᠠᠯ ᠪᠣᠯᠭᠠᠵᠤ᠂ ᠬᠠᠮᠲᠤᠷᠠᠨ ᠰᠤᠷᠭᠠᠭᠤᠯᠢ ᠡᠷᠭᠢᠯᠡᠬᠦ ᠦᠷ᠎ᠡ ᠪᠦᠲᠦᠮᠵᠢ ᠶᠢ ᠴᠢᠩᠭᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠡᠭᠡᠭᠰᠢᠯᠡᠬᠦᠯᠦᠨ᠎ᠡ᠃ ︽ᠬᠤᠶᠠᠷ ᠵᠠᠩᠭᠢᠯᠠᠭ᠎ᠠ ᠶᠢᠨ ᠠᠰᠠᠭᠤᠳᠠᠯ︾ ᠢ ᠰᠠᠶᠢᠲᠤᠷ ᠰᠢᠢᠳᠪᠦᠷᠢᠯᠡᠵᠦ᠂ ᠨᠠᠩ ᠲᠥᠪ ᠭᠤᠥᠯᠴᠢ᠂ ᠨᠠᠩ ᠴᠢᠨᠠᠷ ᠰᠠᠶᠢᠲᠠᠢ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠵᠦ᠂ ᠣᠲᠤᠭ ᠤᠨ ᠰᠤᠷᠤᠭᠴᠢᠳ ᠲᠤ ᠭᠡᠷ ᠤᠨ ᠡᠭᠦᠳᠡᠨ ᠳᠤᠨᠢ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ᠃ ︽ᠭᠤᠷᠪᠠᠨ ᠦᠢᠯᠡᠴᠢᠯᠡᠭᠡᠨ ᠤ ᠪᠠᠲᠤᠯᠠᠭ᠎ᠠ︾ ᠶᠢ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠪᠠᠭᠰᠢ ᠶᠢᠨ ᠣᠯᠭᠤᠮᠵᠢ ᠶᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠣᠭᠴᠠᠯᠠᠨ᠎ᠠ ᠬᠡᠪᠡ᠃
6401.png
      ᠬᠤᠷᠠᠯ ᠳᠤ᠂ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ︽ᠰᠢᠯᠢᠳᠡᠭ ᠰᠤᠷᠭᠠᠭᠤᠯᠢ ᠶᠢᠨ ᠳᠠᠷᠤᠭ᠎ᠠ︾᠂ ︽ᠰᠢᠯᠢᠳᠡᠭ ᠪᠠᠭᠰᠢ︾᠂ ︽ᠰᠢᠯᠢᠳᠡᠭ ᠠᠩᠭᠢ ᠶᠢᠨ ᠡᠷᠬᠢᠯᠡᠭᠴᠢ︾᠂ ︽ᠰᠢᠯᠢᠳᠡᠭ ᠵᠢᠭᠠᠨ ᠰᠤᠳᠤᠯᠤᠭᠴᠢ︾᠂ ︽ᠰᠢᠯᠢᠳᠡᠭ ᠵᠠᠯᠠᠭᠤ ᠪᠠᠭᠰᠢ︾᠂ ︽ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾᠂ ︽ᠬᠥᠳᠡᠭᠡ ᠲᠣᠰᠬᠤᠨ ᠤ ᠬᠠᠮᠤᠭ ᠤᠨ ᠭᠤᠶᠣ ᠪᠠᠭᠰᠢ︾᠂ ︽ᠣᠨ ᠤ ᠵᠢᠭᠠᠨ ᠰᠤᠷᠭᠠᠯᠲᠠ ᠶᠢᠨ ᠠᠮᠵᠢᠯᠲᠠ ᠪᠦᠲᠦᠮᠵᠢ ᠶᠢᠨ ᠱᠠᠩᠨᠠᠯ︾᠂ ︽ᠣᠲᠤᠭ ᠤᠨ ᠭᠠᠷᠮᠠᠭᠠᠢ ᠪᠠᠭᠰᠢ︾᠂ ︽ᠣᠲᠤᠭ ᠤᠨ ᠨᠠᠷᠠᠲᠤ ᠪᠠᠭᠰᠢ︾᠂ ︽ᠨᠠᠰᠤᠨ ᠲᠤᠷᠰᠢᠲᠠ ᠪᠠᠭᠰᠢᠯᠠᠭᠰᠠᠨ ᠱᠠᠩᠨᠠᠯ︾᠂ ︽ᠣᠲᠤᠭ ᠤᠨ ᠰᠤᠷᠭᠠᠨ ᠬᠥᠮᠦᠵᠢᠯ ᠤᠨ ᠰᠤᠷᠪᠤᠯᠵᠢᠲᠤ ᠭᠡᠷ ᠪᠦᠯᠢ︾᠂ ︽ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠬᠠᠮᠲᠤ ᠨᠡᠶᠢᠲᠡ ᠪᠠ ᠬᠤᠪᠢ ᠬᠥᠮᠥᠨ︾ ᠳᠤ ᠱᠠᠩᠨᠠᠯ ᠭᠠᠷᠳᠠᠭᠤᠯᠪᠠ᠃ ᠪᠠᠰᠠ ︽ᠣᠲᠤᠭ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠲᠥᠷᠥᠯ ᠵᠦᠢᠯ︾᠂ ᠣᠲᠤᠭ ᠬᠤᠰᠢᠭᠤᠨ ᠤ ︽ᠠᠷᠪᠠᠨ ᠵᠠᠭᠤ ᠮᠢᠩᠭ᠎ᠠ︾ ᠶᠢᠨ ᠬᠦᠴᠦᠷᠬᠡᠭ ᠪᠠᠭᠰᠢ ᠶᠢᠨ ᠢᠨᠵᠧᠨᠧᠷᠢᠩ ᠪᠠ ︽ᠣᠲᠤᠭ ᠬᠤᠰᠢᠭᠤᠨ ᠤ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠲᠥᠷᠥᠯ ᠵᠦᠢᠯ︾ ᠢ ᠲᠠᠨᠢᠯᠴᠠᠭᠤᠯᠵᠦ᠂ ᠣᠲᠤᠭ ᠤᠨ ᠰᠤᠷᠭᠠᠨ ᠬᠥᠮᠦᠵᠢᠯ ᠤᠨ ᠳᠠᠶᠢᠴᠢᠯᠠᠯᠲᠠ ᠶᠢᠨ ᠵᠠᠷᠯᠢᠭ ᠢ ᠨᠡᠶᠢᠲᠡᠯᠡᠪᠡ᠃      ᠾᠧ ᠯᠢ ᠵᠢᠤᠸᠠᠨ᠂ ᠰᠢᠦᠢ ᠮᠢᠩ᠂ ᠵᠠᠩ ᠸᠧᠢ᠂ ᠡᠷᠳᠡᠮᠳᠦ ᠵᠡᠷᠭᠡ ᠪᠠᠭᠰᠢ ᠨᠠᠷ ᠠᠵᠢᠯ ᠤᠨ ᠣᠯᠣᠯᠲᠠ ᠲᠥᠷᠥᠭᠳᠡᠯ᠂ ᠰᠤᠷᠭᠠᠨ ᠬᠥᠮᠦᠵᠢᠯ ᠤᠨ ᠦᠯᠢᠭᠡᠷ ᠢᠶᠠᠨ ᠬᠤᠪᠢᠶᠠᠯᠴᠠᠭᠰᠠᠨ ᠪᠥᠭᠡᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠤᠳᠤᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃      ᠬᠤᠷᠠᠯ ᠳᠤ ᠪᠠᠰᠠ ᠣᠷᠠᠨ ᠰᠠᠶᠢᠬᠠᠨ ᠤ ᠲᠣᠭᠯᠠᠯᠲᠠ ᠭᠠᠷᠭᠠᠵᠠᠢ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ