ᠤᠳᠤᠭ ᠤᠨ ᠰᠤᠷᠭᠠᠨ ᠬᠦᠮᠦᠵᠢᠯ ᠢ ᠭᠦᠭᠵᠢᠬᠦᠯᠬᠦ ᠰᠠᠨᠠᠯ ᠪᠤᠳᠤᠯ ᠢᠶᠠᠨ ᠬᠠᠮᠲᠤ ᠪᠠᠷ ᠶᠠᠷᠢᠯᠴᠠᠰᠤᠭᠠᠢ
ᠨᠡᠶᠢᠲᠡᠯᠡᠭᠰᠡᠨ ᠴᠠᠭ᠄
2023/9/9
      ᠣᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂  ᠲᠤᠪᠴᠢᠶᠠᠨ ᠲᠠᠷᠤᠭ᠎ᠠ ᠱᠢ ᠶᠦᠩ ᠹᠧᠩ᠄  ᠬᠤᠶᠠᠷ ᠵᠢᠯ ᠳᠤ ᠰᠠᠭᠤᠷᠢ ᠪᠠᠨ ᠪᠠᠲᠤᠳᠬᠠᠵᠤ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠢᠷᠭᠤᠭᠠᠨ ᠵᠢᠯ ᠳᠤ ᠶᠡᠭᠡ ᠦᠷ᠎ᠡ ᠪᠦᠲᠦᠮᠵᠢ ᠤᠯᠬᠤ ᠬᠠᠷᠠᠯᠳᠠ ᠶᠢ ᠪᠡᠶᠡᠯᠡᠬᠦᠯᠬᠦ ᠵᠠᠩᠭᠢᠯᠠᠭ᠎ᠠ ᠶᠢᠨ ᠴᠠᠭ ᠮᠥᠴᠡ ᠳᠤ᠂ ᠪᠢᠳᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠬᠦᠨᠳᠦ ᠨᠠᠶᠢᠳᠠᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠪᠢᠳᠡᠨ ᠳᠤ ᠲᠠᠯᠪᠢᠵᠤ ᠪᠠᠶᠢᠭ᠎ᠠ ᠬᠦᠰᠡᠯ ᠨᠠᠶᠢᠳᠠᠯᠭ᠎ᠠ ᠢ ᠪᠠᠲᠤ ᠴᠡᠭᠡᠵᠢᠯᠡᠵᠦ᠂ ︽2356︾ ᠶᠢᠨ ᠲᠡᠮᠡᠴᠡᠯ ᠤᠨ ᠬᠠᠷᠠᠯᠲᠠ ᠶᠢ ᠲᠦᠷᠭᠡᠨ ᠪᠡᠶᠡᠯᠡᠭᠦᠯᠵᠦ᠂ ᠡᠯᠢᠬᠡᠨ ᠬᠠᠶᠢᠷᠠᠲᠤ ᠣᠲᠤᠭ ᠢ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠳᠠᠬᠢᠨᠲᠠ ᠰᠢᠨ᠎ᠡ ᠵᠢᠳᠬᠦᠯ ᠭᠠᠷᠭᠠᠨ᠎ᠠ᠃      ᠴᠢ ᠫᠠᠨ ᠵᠢᠩ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠯᠢ ᠯᠦ᠄ ᠲᠦᠷᠪᠡᠨ ᠵᠢᠯ ᠤᠨ ᠡᠮᠦᠨ᠎ᠡ᠂ ᠪᠢ ᠵᠢᠭᠠᠨ ᠰᠤᠷᠭᠠᠯᠲᠠ ᠶᠢᠨ ᠲᠤᠷᠰᠢᠯᠭ᠎ᠠ ᠪᠠᠷ ᠳᠤᠲᠠᠮᠠᠭ ᠰᠢᠨ᠎ᠡ ᠪᠠᠭᠰᠢ ᠪᠠᠶᠢᠵᠠᠢ᠂ ᠡᠯ᠎ᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠪᠣᠯᠪᠠᠰᠤᠷᠠᠯ ᠪᠠ  ᠰᠤᠷᠭᠠᠭᠤᠯᠢ ᠶᠢᠨ ᠤᠳᠤᠷᠢᠳᠤᠯᠭ᠎ᠠ᠂ ᠠᠬᠠᠮᠠᠳ ᠦᠶ᠎ᠡ ᠶᠢᠨ ᠬᠢᠨ ᠤ ᠬᠠᠯᠠᠮᠵᠢᠯᠠᠯ ᠵᠣᠷᠢᠭᠵᠢᠭᠤᠯᠤᠯ ᠢᠶᠠᠷ ᠪᠢ ᠬᠢᠳᠡᠳ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠲᠠᠯ᠎ᠠ ᠪᠠᠷ ᠶᠡᠬᠡᠬᠡᠨ ᠲᠠᠪᠰᠢᠯᠳᠠ ᠲᠠᠢ ᠪᠣᠯᠵᠠᠢ᠃ ᠬᠤᠶᠢᠰᠢᠳᠠ ᠦᠷᠭᠦᠯᠵᠢᠯᠡᠨ ᠴᠢᠷᠮᠠᠶᠢᠨ ᠥᠭᠡᠳᠡᠯᠡᠨ  ᠲᠠᠪᠰᠢᠵᠦ᠂ ᠤᠳᠤᠭ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠨ᠎ᠡ᠃      ᠮᠧᠩ ᠰᠢ ᠶᠠᠩ ᠭᠤᠸᠠᠩ ᠰᠤᠷᠭᠠᠭᠤᠯᠢ ᠶᠢᠨ ᠪᠠᠭᠰᠢ ᠹᠧᠩ ᠷᠦᠩ᠄ ᠥᠨᠥᠳᠥᠷ ᠪᠠᠭᠰᠢ ᠶᠢᠨ ᠪᠠᠶᠠᠷ ᠢ ᠪᠡᠯᠬᠡᠯᠡᠬᠦ ᠴᠠᠶᠢᠯᠠᠯᠭ᠎ᠠ ᠳᠤ ᠤᠷᠤᠯᠴᠠᠭᠠᠳ ᠰᠡᠳᠬᠢᠯ ᠦᠨᠳᠦᠷ ᠪᠠᠶᠢᠨ᠎ᠠ᠃ ᠠᠷᠠᠳ ᠤᠨ ᠪᠠᠭᠰᠢ ᠪᠣᠯᠤᠭᠰᠠᠨ ᠤ ᠬᠤᠪᠢ ᠳᠤ᠂ ᠬᠡᠦᠬᠡᠳ ᠤᠳ ᠮᠠᠨᠢ ᠮᠢᠨᠤ ᠵᠢᠯᠣᠭᠤᠳᠤᠯᠭ᠎ᠠ  ᠲᠤᠤᠷ᠎ᠠ ᠲᠠᠯᠳᠠ ᠬᠦᠴᠦᠨ᠂ ᠳᠤᠷ᠎ᠠ ᠰᠣᠨᠢᠷᠬᠠᠯ ᠢᠶᠠᠨ ᠢᠯᠡᠷᠡᠭᠦᠯᠵᠦ᠂ ᠨᠡᠩ ᠤᠯᠠᠨ ᠮᠡᠳᠡᠯᠭᠡ ᠶᠢ ᠡᠵᠡᠮᠰᠢᠵᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠦᠨ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠦᠷᠢᠯᠳᠦᠭᠦᠯᠬᠦ ᠶᠢ ᠬᠦᠰᠡᠵᠦ ᠪᠠᠶᠢᠨ᠎ᠠ᠃ ᠮᠢᠨᠤ ᠬᠤᠪᠢ ᠳᠤ᠂ ᠤᠭ ᠰᠠᠨᠠᠭ᠎ᠠ ᠪᠠᠨ  ᠮᠠᠷᠳᠠᠯ ᠦᠬᠡᠢ ᠤᠳᠤᠭ ᠤᠨ ᠰᠤᠷᠭᠠᠨ ᠬᠥᠮᠦᠵᠢᠯ ᠤᠨ ᠦᠢᠯᠡᠰ ᠲᠤ  ᠰᠢᠨᠳᠠᠷᠠᠰᠢ ᠦᠬᠡᠢ ᠵᠢᠳᠬᠦᠨ᠎ᠡ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ