ᠭᠤᠤ ᠬᠤᠸᠠᠢ ᠵᠢᠩ ᠰᠦ᠋ ᡁᠢ ᠰᠢᠶᠦ᠋ᠩ ᠬᠤᠨᠭ᠌ ᠱᠢ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/1/11
      1 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠰᠦ᠋ ᡁᠢ ᠰᠢᠶᠦ᠋ᠩ ᠬᠤᠩ ᠱᠢ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠠᠶᠢᠭᠤᠯᠬᠤ ᠪᠠᠷ ᠪᠠᠶᠢᠭ᠎ᠠ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ 
W020240111351157051785.jpg
      ᠤᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠶᠠ ᠷᠦᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᡁᠢ ᠪᠢᠶᠤᠤ ᠵᠢᠴᠢ ᠬᠤᠰᠢᠭᠤ ᠠᠵᠤ ᠦᠶᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠶᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃ ᠭᠤᠤ ᠬᠤᠸᠠᠢ ᠵᠢᠩ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠤᠩ ᠱᠢ ᠪᠦᠯᠦᠭᠯᠡᠯ ᠤᠨ ᠣᠲᠤᠭ ᠬᠤᠰᠢᠭᠤᠨ ᠳᠤ ᠬᠦᠷᠴᠦ ᠪᠠᠯᠠ ᠣᠷᠣᠭᠤᠯᠤᠨ ᠦᠶᠯᠡᠰ ᠢᠶᠠᠨ ᠬᠥᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠪᠠ᠃
 W020240111351157257994.jpg     
      ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ ᠣᠲᠤᠭ ᠬᠤᠰᠢᠭᠤ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠠᠬᠢᠭᠤᠷ ᠢᠶᠠᠷ ᠰᠠᠭᠤᠷᠢ ᠪᠣᠯᠭᠠᠭᠰᠠᠨ ᠠᠵᠤ ᠦᠶᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠶᠢ ᠲᠦᠷᠭᠡᠨ ᠠᠬᠢᠭᠤᠯᠵᠤ᠂ ᠠᠵᠤ ᠦᠶᠯᠡᠳᠪᠦᠷᠢ ᠶᠢᠨ ᠶᠡᠷᠦᠩᠬᠡᠶ ᠬᠡᠮᠵᠢᠶ᠎ᠡ ᠶᠢ ᠪᠥᠬᠦ ᠬᠦᠴᠦᠨ  ᠢᠶᠠᠷ ᠢᠶᠠᠨ ᠪᠤᠵᠠᠭᠠᠶᠢᠷᠠᠭᠤᠯᠵᠤ ᠪᠠᠶᠢᠨ᠎ᠠ᠃ ᠬᠤᠩ ᠱᠢ ᠪᠦᠯᠦᠭᠯᠡᠯ ᠨᠢ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠨᠢᠭᠡ ᠪᠣᠯᠤᠭᠰᠠᠨ ᠤ ᠬᠤᠪᠢ ᠳᠤ᠂ ︽ᠱᠦᠶᠨᠢ + ᠣᠯᠠᠨ ᠲᠠᠯᠠᠰᠲᠤ ᠴᠠᠬᠢᠭᠤᠷ︾  ᠤᠨ ᠬᠤᠤᠰ ᠭᠤᠤᠯ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠣᠲᠤᠭ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠡᠯᠪᠡᠷᠢ ᠪᠠᠨ ᠬᠤᠪᠢᠷᠠᠭᠤᠯᠬᠤ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠣᠲᠤᠭ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠡᠮᠦᠨᠡᠬᠢ ᠬᠤᠭᠤᠴᠠᠭᠠᠨ ᠤ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠪᠣᠳᠠᠲᠠᠶ ᠬᠠᠮᠲᠤᠷᠠᠯᠴᠠᠭ᠎ᠠ ᠶᠢ ᠪᠣᠢ ᠪᠣᠯᠭᠠᠨ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠪᠢᠳᠡ ᠲᠡᠷᠢᠭᠦᠨ ᠤ ᠦᠶᠯᠡᠴᠢᠯᠡᠭᠡ ᠬᠠᠩᠭᠠᠵᠤ᠂ ᠲᠡᠷᠢᠭᠦᠨ ᠤ ᠨᠥᠬᠦᠴᠡᠯ ᠢ ᠡᠭᠦᠳᠦᠨ᠂ ᠠᠵᠤ ᠦᠶᠯᠡᠰ ᠤᠨ ᠲᠥᠪᠯᠡᠷᠡᠯ ᠤᠨ ᠦᠶᠯᠡᠳᠦᠯ ᠢ ᠬᠦᠴᠦᠯᠡᠨ ᠬᠥᠭᠵᠢᠭᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠥᠬᠦ ᠲᠠᠯ᠎ᠠ ᠪᠠᠷ ᠳᠡᠮᠵᠢᠨ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠢ ᠬᠦᠴᠦ ᠪᠠᠨ ᠬᠠᠮᠲᠤᠳᠬᠠᠨ ᠪᠠᠶᠢᠭᠤᠯᠤᠨ᠎ᠠ ᠭᠡᠵᠡᠢ᠃ ᠬᠤᠩ ᠱᠢ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠦᠯᠦᠭᠯᠡᠯ ᠤᠨ ᠠᠵᠤ ᠦᠶᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠣᠲᠤᠭ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠠᠪᠠᠭᠤᠯᠢᠭ᠂ ᠰᠠᠯᠬᠢ ᠬᠡᠷᠡᠯ᠂ ᠭᠠᠵᠠᠷ ᠰᠢᠷᠣᠶ᠂ ᠴᠠᠬᠢᠭᠤᠷ ᠤᠨ ᠠᠭᠤᠷᠬᠠᠶ ᠶᠢᠨ ᠡᠬᠢ ᠪᠠᠶᠠᠯᠢᠭ ᠡᠯᠪᠡᠭ᠂ ᠠᠵᠤ ᠦᠶᠯᠡᠰ ᠤᠨ ᠰᠠᠭᠤᠷᠢ ᠵᠤᠵᠠᠭᠠᠨ ᠪᠣᠯᠬᠤᠷ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠨ᠂ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠪᠠ ᠬᠡᠷᠡᠭᠵᠢᠭᠦᠯᠦᠯᠲᠡ ᠶᠢ ᠲᠦᠷᠭᠡᠨ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃ ᠠᠭᠤᠯᠵᠠᠬᠤ ᠠᠴᠠ ᠡᠮᠦᠨ᠎ᠡ᠂ ᠬᠤᠩ ᠱᠢ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠪᠠᠰᠠ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠲᠥᠷᠥᠯ ᠵᠦᠶᠯ ᠤᠨ ᠭᠠᠵᠠᠷ ᠰᠣᠩᠭᠤᠯᠲᠠ᠂ ᠴᠠᠬᠢᠯᠭᠠᠨ ᠤᠰᠤ ᠬᠠᠩᠭᠠᠬᠤ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ 
ᠢᠷᠡᠯᠲᠡ᠄ ᠣᠲᠤᠭ ᠨᠡᠶᠢᠲᠡᠯᠡᠯ