ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/16
      1 ᠳ᠋ᠦ᠋ᠭᠡᠷ ᠰᠠᠷ᠎ᠠ ᠶᠢᠨ 15 ᠤ ᠡᠳᠦᠷ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
W020240116600262133266.jpg
      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠰᠤ᠋ ᡁᠢ ᠰᠢᠶᠦ᠋ᠡᠭ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠦᠭᠦ ᠤᠯᠤᠰ ᠪᠦᠭᠦ ᠣᠷᠣᠨ ᠪᠦᠭᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠭᠤᠤ ᠬᠤᠸᠠᠢ ᠵᠢᠩ ᠬᠡᠯᠡᠭᠰᠡᠨ ᠨᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠣᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠪᠣᠯ ᠮᠠᠨ ᠤ ᠨᠠᠮ ᠤᠨ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩᠭ᠎ᠠ ᠠᠳᠬᠤᠭᠰᠠᠭᠠᠷ ᠢᠷᠡᠭᠰᠡᠨ ᠴᠢᠬᠤᠯᠠ ᠶᠡᠭᠡ ᠠᠵᠢᠯ ᠪᠣᠯᠣᠨ᠎ᠠ᠃       ᠪᠦᠭᠦ ᠬᠤᠰᠢᠭᠤ ᠪᠠᠷ ᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠤᠷᠢᠳᠠᠪᠠᠷ ᠰᠤᠷᠤᠯᠴᠠᠬᠤ᠂ ᠭᠦᠨᠵᠡᠭᠡᠢ ᠰᠤᠷᠤᠯᠴᠠᠬᠤ ᠶᠢ ᠪᠠᠷᠢᠮᠲᠠᠯᠠᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠳᠤᠯᠤᠭᠠᠨ ᠲᠠᠯ᠎ᠠ ᠪᠠᠷ ᠬᠦᠴᠦᠯᠡᠬᠦ︾ ᠴᠢᠬᠤᠯᠠ ᠱᠠᠭᠠᠷᠳᠠᠯᠭ᠎ᠠ ᠶᠢ ᠭᠦᠨᠵᠡᠭᠡᠢ ᠡᠵᠡᠮᠰᠢᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠨᠦᠭᠦᠳ ᠤᠨ ᠪᠦᠯᠬᠦᠮᠳᠡᠯ ᠤᠨ ᠰᠠᠭᠤᠷᠢ ᠶᠢ ᠪᠠᠬᠢᠵᠢᠭᠦᠯᠬᠦ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠬᠥᠭᠵᠢᠭᠦᠯᠬᠦ᠂ ᠳᠦᠷᠢ ᠲᠥᠷᠬᠦ ᠶᠢ ᠢᠯᠡᠷᠡᠭᠦᠯᠬᠦ ᠵᠡᠷᠭᠡ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠵᠣᠷᠢᠯᠲᠠ ᠪᠠ ᠵᠣᠭᠰᠣᠯᠲᠠ ᠪᠣᠯᠭᠠᠨ᠂ ᠰᠦᠯᠵᠢᠶ᠎ᠡ ᠶᠢ ᠬᠡᠷᠡᠭᠯᠡᠬᠦ ᠰᠦᠯᠵᠢᠶ᠎ᠡ ᠶᠢ ᠬᠠᠮᠢᠶᠠᠷᠬᠤ ᠰᠦᠯᠵᠢᠶ᠎ᠡ ᠶᠢ ᠵᠠᠰᠠᠬᠤ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ︔ ᠮᠡᠳᠡᠭᠡ ᠵᠠᠩᠭᠢᠵᠢᠯᠲᠠ ᠶᠢᠨ ᠲᠣᠭᠠᠴᠢᠯᠠᠭᠰᠠᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ︽ᠲᠣᠭᠠᠴᠢᠯᠠᠭᠰᠠᠨ ᠣᠲᠤᠭ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠴᠢᠳᠠᠪᠤᠷᠢ ᠪᠠᠨ ᠰᠠᠶᠢᠵᠢᠷᠠᠭᠤᠯᠵᠤ᠂ ᠤᠬᠠᠭᠤᠯᠭ᠎ᠠ ᠶᠢᠨ ᠰᠡᠳᠬᠢᠬᠦᠢ ᠪᠠᠨ ᠰᠢᠨᠡᠴᠢᠯᠡᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠣᠨ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠬᠤ ᠬᠡᠷᠡᠭᠲᠡᠢ ᠭᠡᠵᠡᠢ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠵᠢᠶᠦ᠋ᠨ ᠬᠤᠷᠠᠯ ᠡᠷᠭᠢᠯᠡᠪᠡ᠃ ᠬᠤᠰᠢᠭᠤ ᠤᠳᠤᠷᠢᠳᠤᠯᠭ᠎ᠠ ᠰᠢᠶᠧ ᠢᠦᠢ᠂ ᠸᠠᠩ ᠸᠠᠨ ᠹᠧᠩ᠂ ᠰᠢᠦᠢ ᠷᠦᠢ ᠹᠧᠩ᠂ ᠯᠢᠦ ᠷᠦᠢ᠂ ᠣᠶᠤᠨᠪᠠᠭᠠᠨ᠎ᠠ᠂ ᠼᠦᠢ ᠵᠢᠩ ᠵᠢᠴᠢ ᠬᠤᠰᠢᠭᠤ ᠨᠠᠮ ᠤᠨ ᠬᠤᠷᠢᠶ᠎ᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠢ᠂ ᠬᠤᠰᠢᠭᠤ ᠰᠢᠭᠤᠳ ᠬᠠᠷᠢᠶ᠎ᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠢᠭᠡᠴᠢ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠰᠢᠭᠤᠨ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠬᠤᠷᠠᠯ ᠳᠤ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ