ᠣᠲᠤᠭ ᠬᠤᠰᠢᠭᠤᠨ ᠤ ᠰᠤᠮᠤ ᠪᠠᠯᠭᠠᠰᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨᠤ ᠠᠯᠪᠠᠨ ᠬᠡᠷ ᠤᠨ ᠮᠡᠳᠡᠭᠳᠡᠯ | ᠣᠲᠤᠭ ᠵᠠᠰᠠᠭ ᠠᠯᠪᠠᠨ ᠲᠠᠷᠬᠠᠭᠠᠭᠰᠠᠨ ﹇2023﹈ 106 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠳᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠥᠪᠰᠢᠶᠡᠷᠡᠭᠦᠯᠦᠭᠡᠳ᠂ ᠡᠳᠦᠭᠡ ︽ᠣᠲᠤᠭ ᠬᠤᠰᠢᠭᠤᠨ ᠤ ᠰᠤᠮᠤ ᠪᠠᠯᠭᠠᠰᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠣᠭᠤᠰᠢᠯᠠᠭᠤᠯᠤᠨ ᠬᠡᠷᠡᠭᠵᠢᠭᠦᠯᠲᠦᠭᠡᠶ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 12 ᠳ᠋ᠤᠭᠠᠷ ᠰᠠᠷ᠎ᠠ ᠶᠢᠨ 7 ᠤ ᠡᠳᠦᠷ | | | ᠣᠲᠤᠭ ᠬᠤᠰᠢᠭᠤᠨ ᠤ ᠰᠤᠮᠤ ᠪᠠᠯᠭᠠᠰᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ | ᠬᠡᠷᠡᠭᠵᠢᠭᠦᠯᠬᠦ ᠲᠥᠰᠦᠯ | | ᠮᠠᠨ ᠤ ᠬᠤᠰᠢᠭᠤᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ︽ | ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠭᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ ﹇2023﹈ 14 ᠳ᠋ᠦ᠋ᠭᠡᠷ ᠲᠣᠭᠠᠲᠤ︶᠂ ︽ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠣᠯᠤᠨ | ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ︶᠂ ︽ᠦᠨᠳᠦᠰᠦᠨ | ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠠ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ | ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ | ᠵᠠᠰᠠᠭ ᠠᠯᠪᠠᠨ ᠲᠠᠷᠬᠠᠭᠠᠭᠰᠠᠨ ﹇2023﹈ 80 ᠳ᠋ᠤᠭᠠᠷ ᠲᠣᠭᠠᠲᠤ︶︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ︽ᠰᠢᠶᠠᠩ ᠪᠠᠯᠭᠠᠰᠤ ᠶᠢᠨ ᠭᠠᠯ ᠤᠨᠲᠠᠷᠠᠭᠠᠬᠤ ᠠᠩᠭᠢ︾ ︵GB / T35547-2017︶ ᠵᠢᠴᠢ ᠬᠤᠰᠢᠭᠤ ᠲᠣᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠭᠠᠯ ᠤᠨᠲᠠᠷᠠᠭᠠᠬᠤ ᠦᠢᠯᠡᠰ ᠢ ᠬᠥᠭᠵᠢᠭᠦᠯᠬᠦ ᠲᠤᠬᠠᠶ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠶ ᠰᠣᠷᠣᠯᠴᠠᠵᠤ ᠲᠣᠭᠤᠰᠢᠯᠠᠭᠤᠯᠤᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠣᠯᠤᠨ | ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠰᠤᠮᠤ ᠪᠠᠯᠭᠠᠰᠤ ᠶᠢᠨ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ | ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠬᠦᠴᠢᠷ | ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠵᠢᠯ ᠳᠠᠬᠢ ᠳᠤᠲᠠᠭᠤᠳᠠᠯ ᠢ ᠦᠨᠡᠨᠬᠦ ᠨᠥᠬᠦᠪᠥᠷᠢᠯᠡᠵᠦ᠂ ᠭᠠᠯ ᠤᠨᠲᠠᠷᠠᠭᠠᠬᠤ | ᠠᠵᠢᠯ ᠳᠠᠬᠢ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠣᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠴᠢᠩᠭ᠎ᠠ ᠬᠦᠴᠦᠲᠡᠢ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | ᠬᠤᠶᠠᠷ᠂ ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠤᠭᠲᠠᠯᠴᠠᠭ᠎ᠠ ᠶᠢ ᠪᠥᠷᠢᠨᠰᠢᠬᠦᠯᠥᠨ᠎ᠡ | ᠡᠯ᠎ᠡ ᠰᠤᠮᠤ ᠪᠠᠯᠭᠠᠰᠤᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠬᠠᠷᠠᠭᠠᠯᠵᠠᠭᠰᠠᠨ ᠡᠷᠬᠡ ᠲᠤᠰᠢᠶᠠᠯ ᠢ ᠤᠯᠠᠮ ᠴᠢᠩᠭᠠᠳᠬᠠᠵᠤ᠂ ︽ᠬᠠᠮᠲᠤᠪᠠᠷ | ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ︾ ᠵᠠᠷᠴᠢᠮ ᠶᠣᠰᠣᠭᠠᠷ᠂ ᠣᠲᠣ ᠶᠢᠨ ᠪᠠᠶᠢᠭ᠎ᠠ ᠰᠤᠮᠤ ᠪᠠᠯᠭᠠᠰᠤ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ | ᠠᠯᠪᠠᠨ ᠬᠡᠷ ᠲᠤ ᠲᠦᠰᠢᠭᠯᠡᠵᠦ ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠦᠨᠳᠦᠰᠦᠨ ᠱᠠᠲᠤᠨ ᠤ ᠭᠠᠯ | ᠤᠨᠲᠠᠷᠠᠭᠠᠬᠤ ᠵᠠᠰᠠᠯᠲᠠ ᠶᠢᠨ ᠡᠭᠦᠷᠭᠡ ᠴᠢᠳᠠᠪᠤᠷᠢ ᠶᠢ ᠭᠦᠶᠴᠡᠳᠬᠡᠵᠦ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠤᠯᠢ ᠳᠤ | ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠭᠠᠯ ᠤᠨᠲᠠᠷᠠᠭᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠶᠯᠡᠰ ᠢ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠳᠤ ᠨᠠᠶᠢᠳᠠᠨ ᠡᠭᠦᠷᠭᠡᠯᠡᠭᠦᠯᠦᠨ᠎ᠡ᠂ ᠬᠠᠤᠯᠢ ᠬᠡᠷᠡᠭᠵᠢᠭᠦᠯᠬᠦ ᠠᠵᠢᠯᠲᠠᠨ ᠦᠨᠡᠮᠯᠡᠯ ᠲᠠᠢ ᠪᠠᠷ ᠠᠵᠢᠯ ᠤᠨ ᠪᠠᠶᠢᠷᠢᠨ ᠳᠤ ᠭᠠᠷᠴᠤ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠭᠠᠯ ᠤᠨᠲᠠᠷᠠᠭᠠᠬᠤ ᠠᠵᠢᠯ ᠢ ᠵᠢᠯᠤᠭᠤᠳᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠭᠠᠯ | ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠯ ᠬᠢᠬᠦ ᠵᠡᠷᠭᠡ ᠡᠭᠦᠷᠭᠡ ᠶᠢ ᠪᠣᠳᠠᠲᠠᠶ ᠡᠭᠦᠷᠭᠡᠯᠡᠨ᠎ᠡ᠃ | ︵ᠨᠢᠭᠡ︶ ᠠᠵᠢᠯ ᠤᠨ ᠡᠭᠦᠷᠭᠡ | 1. ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠢ ᠵᠢᠯᠣᠭᠤᠳᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠬᠤ ᠪᠠ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠪᠣᠳᠠᠲᠠᠢ ᠡᠷᠭᠢᠯᠲᠡ ᠶᠢ ᠪᠡᠶᠡᠯᠡᠭᠦᠯᠦᠨ᠎ᠡ᠃ | 2. ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠬᠠᠷᠢᠶ᠎ᠠ ᠣᠷᠣᠨ ᠳᠠᠬᠢ ᠨᠡᠶᠢᠭᠡᠮ ᠤᠨ ᠨᠢᠭᠡᠴᠢ ᠪᠣᠯᠤᠨ ᠬᠤᠪᠢ ᠶᠢᠨ | ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠵᠢᠯᠣᠭᠤᠳᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠭᠠᠯ ᠤᠨ ᠠᠶᠤᠯ ᠤᠨ ᠳᠠᠯᠳᠠ ᠬᠡᠮ ᠢ | ᠴᠡᠭᠴᠡᠯᠡᠬᠦ ᠠᠵᠢᠯ ᠢ ᠵᠢᠯᠣᠭᠤᠳᠤᠨ᠎ᠠ᠃ | 3. ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠠᠮᠤᠷ | ᠲᠦᠪᠰᠢᠨ ᠤ ᠰᠣᠷᠢᠯᠲᠠ ᠬᠢᠬᠦ ᠶᠢ ᠵᠢᠯᠤᠭᠤᠳᠤᠨ᠎ᠠ᠃ | 4. ᠰᠤᠮᠤ ᠪᠠᠯᠭᠠᠰᠤ ᠶᠢᠨ ᠭᠠᠯ ᠤᠨᠲᠠᠷᠠᠭᠠᠬᠤ ᠰᠠᠶᠢᠨ ᠳᠤᠷᠠᠴᠤᠳ ᠤᠨ ᠡᠩᠨᠡᠭᠡ ᠪᠠᠶᠢᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ ᠨᠡᠶᠢᠲᠡ ᠶᠢᠨ | ᠠᠰᠠᠷᠠᠮᠵᠢ ᠶᠢᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠨ᠎ᠠ᠃ | 5.ᠠᠵᠢᠯ ᠲᠥᠷᠥᠯ ᠤᠨ ᠪᠠᠶᠢᠭᠤᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠵᠤ᠂ ᠭᠠᠯ | ᠤᠨᠲᠠᠷᠠᠭᠠᠬᠤ ᠬᠢᠨᠠᠯᠲᠠ ᠪᠠᠶᠢᠴᠠᠭᠠᠯᠲᠠ᠂ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠯ ᠵᠢᠴᠢ ᠲᠠᠷᠬᠠᠭᠠᠨ ᠰᠠᠷᠨᠢᠭᠤᠯᠬᠤ ᠰᠣᠷᠢᠯᠲᠠ ᠥᠷᠨᠢᠭᠦᠯᠦᠨ᠎ᠡ᠃ | 6. ᠬᠠᠷᠢᠶ᠎ᠠ ᠣᠷᠣᠨ ᠤ ᠡᠯ᠎ᠡ ᠲᠥᠷᠥᠯ ᠤᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠡᠬᠡ ᠲᠠᠩᠰᠠ᠂ ᠲᠤᠰᠬᠠᠶ ᠴᠡᠭᠴᠡᠯᠡᠯᠲᠡ ᠶᠢᠨ | ᠪᠢᠴᠢᠭ ᠮᠠᠲ᠋ᠧᠷᠢᠶᠠᠯ᠂ ᠡᠳᠦᠷ ᠲᠤᠲᠤᠮ ᠤᠨ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠭᠰᠠᠨ ᠲᠡᠮᠳᠡᠭᠯᠡᠯ᠂ ᠭᠠᠯ ᠤᠨᠲᠠᠷᠠᠭᠠᠬᠤ ᠠᠮᠤᠷ ᠲᠦᠪᠰᠢᠨ ᠤ ᠠᠮᠠᠯᠠᠯᠲᠠ ᠶᠢᠨ | ᠪᠢᠴᠢᠭ᠂ ᠰᠤᠮᠤ ᠪᠠᠯᠭᠠᠰᠤ ᠶᠢᠨ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠩᠭᠢ ᠪᠠ ᠪᠢᠴᠢᠯ ᠬᠡᠯᠪᠡᠷᠢ ᠶᠢᠨ ᠭᠠᠯ ᠤᠨᠲᠠᠷᠠᠭᠠᠬᠤ | ᠥᠷᠲᠡᠭᠡ ᠶᠢᠨ ᠦᠨᠳᠦᠰᠦᠨ ᠪᠠᠶᠢᠳᠠᠯ ᠤᠨ ᠡᠬᠡ ᠲᠠᠩᠰᠠ᠂ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠯ ᠪᠠ ᠭᠠᠯ ᠤᠨᠲᠠᠷᠠᠭᠠᠵᠤ ᠲᠠᠷᠬᠠᠭᠠᠬᠤ ᠰᠣᠷᠢᠯᠲᠠ ᠶᠢᠨ | ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠦᠨ᠎ᠡ᠃ | 7. ᠳᠡᠭᠡᠳᠦ ᠱᠠᠲᠤ ᠪᠣᠯᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ | ᠪᠠᠶᠢᠷᠢᠯᠠᠭᠤᠯᠤᠭᠰᠠᠨ ᠪᠤᠰᠤᠳ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠠᠵᠢᠯᠳᠠᠨ ᠪᠠ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠨᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠡᠯ᠎ᠡ ᠱᠠᠲᠤ ᠲᠠᠰ᠂ ᠡᠯ᠎ᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠨ᠂ ᠦᠨᠳᠦᠰᠦᠨ | ᠱᠠᠲᠤᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠤᠯᠠᠮ ᠪᠠᠲᠤᠳᠬᠠᠨ᠎ᠠ᠃ | 1. ᠡᠯ᠎ᠡ ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠭᠠᠯ ᠤᠨᠲᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠠᠵᠢᠯ ᠤᠨ | ᠤᠳᠤᠷᠢᠳᠬᠤ ᠳᠤᠭᠤᠶᠢᠯᠠᠩ ᠤᠨ ᠪᠥᠬᠦ ᠲᠠᠯ᠎ᠠ ᠶᠢᠨ ᠠᠵᠢᠯ ᠢ ᠵᠢᠯᠣᠭᠤᠳᠤᠨ᠎ᠠ︔ ᠡᠯ᠎ᠡ ᠰᠤᠮᠤ ᠪᠠᠯᠭᠠᠰᠤ ᠶᠢᠨ ᠠᠮᠤᠷ ᠲᠦᠪᠰᠢᠨ ᠤ ᠠᠵᠢᠯ ᠢ ᠬᠤᠪᠢᠶᠡᠨ ᠬᠠᠮᠢᠶᠠᠷᠴᠤ | ᠪᠥᠬᠦᠶ ᠬᠠᠷᠢᠭᠤᠴᠠᠯᠭᠠᠲᠠᠨ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | 2. ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠠᠳᠠᠭ ᠲᠠᠭᠠᠨ 3 ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ᠂ | ᠲᠤᠰᠬᠠᠶ ᠲᠤᠰᠢᠶᠠᠯᠲᠤ ᠠᠵᠢᠯᠲᠠᠨ ᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠠᠷᠭ᠎ᠠ ᠪᠠᠷ ᠨᠥᠬᠦᠪᠦᠷᠢᠯᠡᠵᠦ ᠪᠣᠯᠣᠨ᠎ᠠ᠂ ᠲᠤᠰᠬᠠᠶ | ᠲᠤᠰᠢᠶᠠᠯᠲᠤ ᠠᠵᠢᠯᠲᠠᠨ ᠤ ᠴᠠᠯᠢᠩ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠪᠠᠲᠤᠯᠠᠨ᠎ᠠ᠃ | ᠭᠤᠷᠪᠠ᠂ ᠰᠤᠮᠤ ᠪᠠᠯᠭᠠᠰᠤ ᠵᠢᠴᠢ ᠮᠠᠯᠵᠢᠬᠤ ᠲᠠᠷᠢᠶᠠᠯᠠᠬᠤ ᠣᠷᠣᠨ ᠤ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠡᠩᠨᠡᠭᠡ ᠪᠠᠶᠢᠭᠤᠯᠤᠨ᠎ᠠ | ᠤᠯᠤᠰ ᠤᠨ ᠪᠠᠷᠢᠮᠵᠢᠶ᠎ᠠ ︽ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ︾ ︵GB / T35547-2017︶ ᠶᠢ ᠦᠨᠳᠦᠰᠦᠯᠡᠪᠡᠯ᠂ | ᠪᠠᠶᠢᠭᠤᠯᠤᠭᠰᠠᠨ ᠣᠷᠣᠨ ᠤ ᠲᠠᠯᠠᠪᠠᠶ ᠨᠢ 4 ᠲᠡᠭᠰᠢ ᠳᠥᠷᠪᠡᠯᠵᠢᠨ ᠺᠢᠯᠣᠮᠧᠲᠷ ᠢ ᠳᠠᠪᠠᠭᠰᠠᠨ ᠪᠤᠶᠤ ᠪᠠᠶᠢᠭᠤᠯᠤᠭᠰᠠᠨ ᠣᠷᠣᠨ ᠤ ᠳᠣᠲᠣᠷᠠᠬᠢ ᠪᠠᠶᠢᠩᠭᠤ ᠰᠠᠭᠤᠭ᠎ᠠ | ᠬᠥᠮᠦᠨ ᠠᠮᠠ ᠨᠢ 2 ᠲᠦᠮᠡ ᠶᠢ ᠳᠠᠪᠠᠭᠰᠠᠨ ᠪᠤᠰᠤᠳ ᠰᠢᠶᠠᠩ ᠪᠠᠯᠭᠠᠰᠤ ᠪᠦᠬᠦᠨ ᠳᠤ ᠨᠢᠭᠡᠳᠦᠭᠡᠷ ᠳᠡᠰ ᠤᠨ ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ | ᠪᠠᠶᠢᠭᠤᠯᠤᠨ᠎ᠠ︔ ᠪᠠᠶᠢᠭᠤᠯᠤᠭᠰᠠᠨ ᠣᠷᠣᠨ ᠤ ᠲᠠᠯᠠᠪᠠᠶ ᠨᠢ 2 ᠲᠡᠭᠰᠢ ᠳᠥᠷᠪᠡᠯᠵᠢᠨ ᠺᠢᠯᠣᠮᠧᠲᠷ ᠠᠴᠠ 4 ᠲᠡᠭᠰᠢ ᠳᠥᠷᠪᠡᠯᠵᠢᠨ ᠺᠢᠯᠣᠮᠧᠲᠷ ᠤᠨ ᠬᠤᠭᠤᠷᠤᠨᠳᠤ | ᠪᠤᠶᠤ ᠪᠠᠶᠢᠭᠤᠯᠤᠭᠰᠠᠨ ᠣᠷᠣᠨ ᠤ ᠳᠣᠲᠣᠷᠠᠬᠢ ᠪᠠᠶᠢᠩᠭᠤ ᠰᠠᠭᠤᠭ᠎ᠠ ᠬᠥᠮᠦᠨ ᠠᠮᠠ ᠨᠢ 1 ᠲᠦᠮᠡ ᠠᠴᠠ 2 ᠲᠦᠮᠡᠨ ᠬᠤᠭᠤᠷᠣᠨᠳᠤ ᠪᠠᠶᠢᠪᠠᠯ᠂ ᠰᠢᠶᠠᠩ | ᠪᠠᠯᠭᠠᠰᠤ ᠳᠤ ᠬᠤᠶᠠᠳᠤᠭᠠᠷ ᠳᠡᠰ ᠤᠨ ᠰᠢᠶᠠᠩ ᠪᠠᠯᠭᠠᠰᠤ ᠶᠢᠨ ᠭᠠᠯ ᠤᠨᠲᠠᠷᠠᠭᠠᠬᠤ ᠠᠩᠭᠢ ᠪᠠᠶᠢᠭᠤᠯᠤᠨ᠎ᠠ︔ ᠪᠤᠰᠤᠳ ᠰᠢᠶᠠᠩ ᠪᠠᠯᠭᠠᠰᠤ ᠳᠤ ᠰᠢᠶᠠᠩ ᠪᠠᠯᠭᠠᠰᠤᠨ ᠤ | ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠬᠢ ᠪᠠᠶᠢᠭᠤᠯᠵᠤ ᠪᠣᠯᠣᠨ᠎ᠠ᠃ ᠤᠯᠠᠭᠠᠨᠪᠠᠯᠭᠠᠰᠤ ᠪᠣᠯ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠬᠤ | ᠠᠪᠤᠷᠠᠨ ᠲᠤᠰᠠᠯᠠᠬᠤ ᠡᠩᠨᠡᠭᠡ ᠶᠢᠨ ᠪᠠᠶᠢᠭ᠎ᠠ ᠭᠠᠵᠠᠷ ᠤᠨ ᠲᠡᠰ ᠤᠨ ᠰᠢᠶᠠᠩ ᠪᠠᠯᠭᠠᠰᠤ ᠪᠣᠯᠤᠨ᠎ᠠ᠂ ᠴᠢ ᠫᠠᠨ ᠵᠢᠩ ᠪᠠᠯᠭᠠᠰᠤ᠂ ᠮᠸᠡᠭ ᠰᠢ ᠪᠠᠯᠭᠠᠰᠤ ᠨᠢ ᠨᠢᠭᠡᠳᠦᠭᠡᠷ | ᠳᠡᠰ ᠤᠨ ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠰᠦᠮᠡᠲᠤ ᠰᠤᠮᠤ᠂ ᠠᠷᠪᠠᠰ ᠰᠤᠮᠤ᠂ ᠦᠮᠡᠬᠡᠶᠢᠨᠠᠭᠤᠷ ᠪᠠᠯᠭᠠᠰᠤ ᠵᠡᠷᠭᠡ 3 ᠰᠤᠮᠤ | ᠪᠠᠯᠭᠠᠰᠤ ᠨᠢ ᠰᠢᠶᠠᠩ ᠪᠠᠯᠭᠠᠰᠤᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢ ᠪᠠᠶᠢᠭᠤᠯᠤᠨ᠎ᠠ᠃ ᠰᠡᠭᠦᠯᠡᠷ ᠡᠯ᠎ᠡ ᠰᠤᠮᠤ ᠪᠠᠯᠭᠠᠰᠤ ᠬᠥᠭᠵᠢᠭᠦᠯᠦᠯᠲᠡ ᠪᠠ | ᠠᠵᠤ ᠦᠶᠯᠡᠰ ᠤᠨ ᠲᠥᠯᠥᠪᠵᠢᠭᠦᠯᠭᠡ ᠶᠢ ᠦᠨᠳᠦᠰᠦᠯᠡᠨ ᠭᠠᠯ ᠤᠨᠲᠠᠷᠠᠭᠠᠬᠤ ᠥᠷᠲᠡᠭᠡ ᠶᠢ ᠤᠯᠠᠮ ᠨᠢᠭᠡ ᠠᠯᠬᠤᠮ ᠥᠷᠭᠡᠳᠬᠡᠨ ᠪᠠᠶᠢᠭᠤᠯᠵᠤ ᠲᠠᠰ ᠳᠡᠪᠰᠢᠭᠦᠯᠬᠦ ᠳᠤ᠂ | ᠤᠷᠢᠳᠠᠪᠠᠷ ᠥᠷᠭᠡᠳᠬᠡᠨ ᠪᠠᠶᠢᠭᠤᠯᠬᠤ ᠨᠥᠬᠦᠴᠡᠯ ᠢ ᠤᠷᠢᠳᠴᠢᠯᠠᠨ ᠦᠯᠡᠳᠡᠭᠡᠵᠦ᠂ ᠲᠠᠬᠢᠨ ᠳᠠᠪᠳᠠᠨ ᠪᠥᠲᠥᠭᠡᠨ ᠪᠠᠶᠢᠭᠤᠯᠬᠤ ᠪᠠ ᠪᠦᠷᠢᠯᠭᠡᠨ ᠰᠦᠶᠳᠬᠡᠬᠦ ᠠᠴᠠ | ᠬᠢᠴᠢᠶᠡᠨ᠎ᠡ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ︽ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠩᠭᠢ︾ ︵GB / T35547-2017︶ ᠲᠠᠢ | ᠤᠶᠠᠯᠳᠤᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠤᠮᠤ ᠪᠠᠯᠭᠠᠰᠤᠨ ᠤ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠠᠩᠭᠢ ︵ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ︶ ᠪᠠᠶᠢᠭᠤᠯᠬᠤ ᠶᠢᠨ ᠳᠠᠭᠠᠤ᠂ | ᠵᠢᠵᠢᠭᠦᠷᠯᠡᠬᠦ ᠭᠠᠯ ᠤᠨᠲᠠᠷᠠᠭᠠᠬᠤ ᠠᠵᠢᠯ ᠳᠤ ᠪᠡᠯᠡᠳᠬᠡᠬᠦ ᠱᠠᠭᠠᠷᠳᠠᠯᠭ᠎ᠠ ᠳᠤ ᠨᠡᠶᠢᠴᠡᠬᠦ ᠠᠵᠤ ᠠᠬᠤᠶᠢᠯᠠᠯ ᠤᠨ ᠲᠤᠰᠬᠠᠶ ᠲᠤᠰᠢᠶᠠᠯᠲᠤ ᠠᠩᠭᠢ ᠶᠢ ᠦᠨᠳᠦᠰᠦᠨ | ᠱᠠᠲᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠦᠴᠦᠨ ᠤ ᠲᠣᠭᠲᠠᠯᠴᠠᠭ᠎ᠠ ᠳᠤ ᠣᠷᠣᠭᠤᠯᠵᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠠᠴᠠ ᠰᠤᠮᠤ ᠪᠠᠯᠭᠠᠰᠤᠨ ᠤ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠩᠭᠢ ︵ᠰᠢᠶᠠᠩ ᠪᠠᠯᠭᠠᠰᠤᠨ ᠤ ᠲᠤᠰᠬᠠᠶ | ᠲᠤᠰᠢᠶᠠᠯᠲᠤ ᠭᠠᠯ ᠤᠨᠲᠠᠷᠠᠭᠠᠬᠤ ᠠᠩᠭᠢ︶ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠳᠠᠶᠢᠴᠢᠯᠠᠬᠤ ᠰᠣᠷᠢᠯᠲᠠ ᠬᠢᠵᠦ᠂ ᠭᠠᠯ ᠤᠨ ᠭᠠᠷᠬᠤ ᠳᠤ ᠴᠠᠭ | ᠲᠤᠬᠠᠶ ᠳᠤᠨᠢ ᠲᠣᠬᠢᠷᠠᠭᠤᠯᠤᠨ᠂ 15 ᠮᠢᠨᠦ᠋ᠲ ᠤᠨ ᠳᠣᠲᠣᠷ᠎ᠠ ᠭᠠᠷᠤᠭᠰᠠᠨ ᠭᠠᠯ ᠢ ᠲᠦᠷᠭᠡᠨ ᠤᠨᠲᠠᠷᠠᠭᠠᠬᠤ ᠶᠢ ᠪᠠᠲᠤᠯᠠᠨ᠎ᠠ᠃ | ︵ᠨᠢᠭᠡ︶ ᠠᠵᠢᠯ ᠤᠨ ᠡᠭᠦᠷᠭᠡ | 1. ︽ᠨᠢᠭᠡ ᠠᠩᠬᠢ ᠭᠤᠷᠪᠠᠨ ᠭᠡᠰᠢᠭᠦᠨ︾ ︵ᠲᠤᠬᠠᠶᠢᠯᠠᠪᠠᠯ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠪᠣᠯᠤᠨ ᠭᠠᠯ ᠤᠨᠲᠠᠷᠠᠭᠠᠭᠴᠢ᠂ ᠭᠠᠯ | ᠰᠡᠷᠭᠡᠶᠢᠯᠡᠬᠦ ᠲᠣᠭᠤᠷᠢᠨ ᠪᠠᠶᠢᠴᠠᠭᠠᠭᠴᠢ᠂ ᠭᠠᠯ ᠤᠨᠲᠠᠷᠠᠭᠠᠬᠤ ᠤᠬᠠᠭᠤᠯᠤᠭᠴᠢ︶ ᠤ ᠠᠵᠢᠯ ᠤᠨ ᠵᠠᠭᠪᠤᠷ ᠢ ᠪᠠᠶᠢᠭᠤᠯᠤᠨ᠎ᠠ᠃ | 2. ᠬᠠᠷᠢᠶ᠎ᠠ ᠣᠷᠣᠨ ᠳᠠᠬᠢ 15 ᠮᠢᠨᠦ᠋ᠲ ᠤᠨ ᠳᠣᠲᠣᠷ᠎ᠠ ᠭᠠᠷᠤᠭᠰᠠᠨ ᠭᠠᠯ ︵ᠤᠢ ᠰᠢᠭᠤᠶ ᠨᠤᠲᠤᠭ ᠪᠡᠯᠴᠢᠭᠡᠷ ᠤᠨ ᠠᠩᠬ᠎ᠠ ᠭᠠᠷᠤᠭᠰᠠᠨ ᠭᠠᠯ ᠤᠨ ᠠᠶᠤᠯ | ᠪᠠᠭᠲᠠᠨ᠎ᠠ︶ ᠢ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠵᠦ᠂ ᠪᠤᠰᠤᠳ ᠬᠥᠮᠦᠨ ᠤ ᠠᠮᠢ ᠨᠠᠰᠤ ᠶᠢ ᠠᠪᠤᠷᠠᠬᠤ ᠪᠠᠷ ᠭᠤᠣᠯ ᠪᠣᠯᠭᠠᠭᠰᠠᠨ ᠠᠶᠤᠯ ᠠᠴᠠ | ᠠᠪᠤᠷᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃ | 3. ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠭᠠᠯ ᠤᠨᠲᠠᠷᠠᠭᠠᠬᠤ ᠠᠮᠤᠷ ᠲᠦᠪᠰᠢᠨ ᠤ ᠵᠢᠯᠤᠭᠤᠳᠤᠯᠭ᠎ᠠ ᠬᠢᠵᠤ᠂ ᠡᠯ᠎ᠡ | ᠰᠤᠮᠤ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠢ ᠵᠢᠯᠣᠭᠤᠳᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ | 4. ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠭᠠᠯ ᠰᠡᠷᠭᠡᠶᠢᠯᠡᠬᠦ ᠪᠠᠶᠢᠴᠠᠭᠠᠯᠲᠠ ᠬᠢᠨ᠎ᠡ᠃ ᠬᠠᠷᠢᠶ᠎ᠠ ᠣᠷᠣᠨ ᠤ ᠰᠠᠭᠤᠭᠠᠯᠢ | ᠠᠷᠠᠳ ᠤᠨ ᠣᠷᠣᠨ ᠰᠠᠭᠤᠴᠠ᠂ ᠨᠡᠶᠢᠭᠡᠮ ᠤᠨ ᠨᠢᠭᠡᠴᠢ ᠪᠣᠯᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ᠎ᠠ᠃ | 5. ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠨ᠎ᠡ᠃ ᠬᠠᠷᠢᠶ᠎ᠠ ᠣᠷᠣᠨ ᠤ ᠭᠠᠯ ᠤᠨᠲᠠᠷᠠᠭᠠᠬᠤ ᠵᠠᠮ ᠤᠨ ᠤᠰᠤᠨ ᠤ ᠰᠤᠷᠪᠤᠯᠵᠢ ᠶᠢᠨ ᠪᠠᠶᠢᠳᠠᠯ᠂ | ᠭᠠᠯ ᠤᠨ ᠠᠶᠤᠯ ᠤᠨ ᠳᠠᠯᠳᠠ ᠬᠡᠮ ᠢ ᠴᠡᠭᠴᠡᠯᠡᠭᠰᠡᠨ ᠪᠠᠶᠢᠳᠠᠯ ᠪᠠ ᠴᠢᠬᠤᠯᠠ ᠪᠠᠶᠠᠷ ᠤᠨ ᠡᠳᠦᠷ᠂ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠭᠠᠯ ᠤᠨ | ᠠᠶᠤᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠢ ᠲᠣᠭᠤᠷᠢᠨ ᠪᠠᠶᠢᠴᠠᠭᠠᠨ᠎ᠠ᠃ | 6. ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠯ ᠰᠣᠷᠢᠯᠲᠠ ᠶᠢ | ᠵᠣᠬᠢᠶᠠᠨ ᠪᠠᠶᠢᠭᠤᠯᠤᠨ ᠬᠢᠨ᠎ᠡ᠃ ᠬᠠᠷᠢᠶ᠎ᠠ ᠣᠷᠣᠨ ᠤ ᠠᠵᠤ ᠠᠬᠤᠶᠢᠯᠠᠯ ᠪᠣᠯᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠡᠳᠦᠷ ᠲᠤᠳᠤᠮ ᠤᠨ ᠭᠠᠯ | ᠤᠨᠲᠠᠷᠠᠭᠠᠬᠤ ᠤᠬᠠᠭᠤᠯᠭ᠎ᠠ ᠬᠢᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠠᠷᠬᠠᠭᠠᠨ ᠰᠠᠷᠨᠢᠭᠤᠯᠬᠤ ᠪᠣᠯᠪᠠᠰᠤᠷᠠᠯ ᠪᠣᠯᠤᠨ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ︵ᠬᠤᠶᠠᠷ︶ ᠠᠵᠢᠯᠲᠠᠨ ᠤ ᠡᠩᠨᠡᠭᠡᠨ ᠤ ᠪᠠᠶᠢᠭᠤᠯᠤᠯᠲᠠ | ᠪᠡᠯᠡᠳᠬᠡᠯ ᠠᠵᠢᠯᠳᠠᠨ ᠢ ᠲᠤᠭ᠎ᠠ ᠶᠣᠰᠣᠭᠠᠷ ᠪᠠᠲᠤᠯᠠᠨ᠂ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠩᠬᠢ ᠶᠢᠨ ᠬᠡᠪ ᠤᠨ ᠶᠣᠰᠣᠭᠠᠷ | ᠵᠢᠵᠢᠭᠦᠷᠯᠡᠨ ᠭᠠᠯ ᠤᠨᠲᠠᠷᠠᠭᠠᠬᠤ ᠪᠠᠷ ᠪᠡᠯᠡᠳᠬᠡᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠦᠮᠡᠬᠡᠶᠢᠨᠠᠭᠤᠷ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ ᠳᠤ | ᠰᠤᠮᠤ ᠪᠠᠯᠭᠠᠰᠤ ᠶᠢᠨ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ︵ᠰᠢᠶᠠᠩ ᠪᠠᠯᠭᠠᠰᠤ ᠶᠢᠨ ᠲᠤᠰᠬᠠᠶ | ᠲᠤᠰᠢᠶᠠᠯᠲᠤ ᠭᠠᠯ ᠤᠨᠲᠠᠷᠠᠭᠠᠬᠤ ᠠᠩᠬᠢ︶ ᠪᠠᠶᠢᠭᠤᠯᠵᠤ᠂ ᠠᠳᠠᠭ ᠲᠠᠭᠠᠨ 8 ᠰᠤᠮᠤ ᠪᠠᠯᠭᠠᠰᠤ ᠶᠢᠨ ᠭᠠᠯ ᠤᠨᠲᠠᠷᠠᠭᠠᠭᠴᠢ᠂ 2 ᠲᠤᠰᠬᠠᠶ ᠲᠤᠰᠢᠶᠠᠯᠲᠤ ᠭᠡᠰᠢᠭᠦᠨ | ᠲᠣᠬᠢᠷᠠᠭᠤᠯᠤᠨ᠂ ᠠᠩᠬᠢ ᠶᠢᠨ ᠳᠠᠷᠤᠭ᠎ᠠ᠂ ᠠᠩᠬᠢ ᠶᠢᠨ ᠳᠡᠳ᠋ ᠳᠠᠷᠤᠭ᠎ᠠ ᠶᠢ ᠲᠣᠰᠪᠤᠷᠢ ᠨᠢᠭᠡ ᠲᠣᠬᠢᠷᠠᠭᠤᠯᠤᠨ᠎ᠠ᠃ ᠡᠯ᠎ᠡ ᠰᠤᠮᠤ ᠪᠠᠯᠭᠠᠰᠤ ᠠᠵᠢᠯᠲᠠᠨ ᠤ ᠠᠵᠢᠯ ᠤᠨ | ᠪᠠᠶᠢᠷᠢ ᠶᠢ ᠳᠣᠭᠢᠷᠠᠭᠤᠯᠬᠤ᠂ ᠡᠷᠦᠬᠡ ᠶᠢᠨ ᠴᠡᠷᠢᠭ ᠢ ᠨᠢᠭᠡᠳᠦᠯᠲᠡᠶ ᠲᠥᠯᠥᠪᠯᠡᠨ ᠨᠡᠶᠢᠯᠡᠭᠦᠯᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ | ᠡᠩᠨᠡᠭᠡ ᠪᠠᠷ ᠲᠤᠰᠢᠶᠠᠯ ᠬᠠᠪᠰᠤᠷᠭᠠᠨ ᠡᠭᠦᠷᠭᠡᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠬᠤ ᠡᠩᠨᠡᠭᠡ ᠶᠢ ᠲᠡᠭᠦᠯᠳᠡᠷᠵᠢᠭᠦᠯᠦᠨ᠎ᠡ᠃ ᠲᠤᠰᠬᠠᠶ ᠲᠤᠰᠢᠶᠠᠯᠲᠤ | ᠠᠵᠢᠯᠲᠠᠨ ᠤ ᠴᠠᠯᠢᠩ ᠢ ᠡᠯ᠎ᠡ ᠰᠤᠮᠤ ᠪᠠᠯᠭᠠᠰᠤ ᠠᠴᠠ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ | ᠤᠨᠲᠠᠷᠠᠭᠠᠬᠤ ᠡᠩᠨᠡᠭᠡ ᠶᠢᠨ ᠪᠣᠳᠠᠲᠠᠢ ᠡᠷᠭᠢᠯᠲᠡ ᠶᠢ ᠪᠠᠲᠤᠯᠠᠨ᠎ᠠ᠃ | ︵ᠭᠤᠷᠪᠠ︶ ᠮᠠᠰᠢᠨ ᠲᠡᠷᠭᠡ᠂ ᠪᠠᠭᠠᠵᠢ ᠬᠡᠷᠡᠭᠰᠡᠯ ᠲᠤᠨᠤᠭ ᠲᠥᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ | ᠠᠷᠪᠠᠰ ᠰᠤᠮᠤ᠂ ᠰᠦᠮᠡᠲᠤ ᠰᠤᠮᠤ᠂ ᠦᠮᠡᠬᠡᠶᠢᠨᠠᠭᠤᠷ ᠪᠠᠯᠭᠠᠰᠤ ᠵᠡᠷᠭᠡ 3 ᠰᠤᠮᠤ ᠪᠠᠯᠭᠠᠰᠤ ᠶᠢᠨ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ | ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ︵ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠬᠢ︶ ᠳᠤ ᠬᠠᠷᠢᠶ᠎ᠠ ᠣᠷᠣᠨ ᠳᠤᠨᠢ | ᠲᠣᠬᠢᠷᠠᠭᠰᠠᠨ ᠴᠡᠷᠢᠭ ᠤᠨ ᠬᠤᠸᠠᠷᠠᠨ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠲᠡᠷᠭᠡ ᠵᠢᠴᠢ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢᠨ ᠲᠣᠨᠣᠭᠯᠠᠯ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ ᠥᠭᠭᠦᠨ᠎ᠡ᠃ ᠡᠭᠦᠨ ᠳᠤ ᠴᠡᠷᠢᠭ ᠤᠨ ᠬᠤᠸᠠᠷᠠᠨ ᠤ ᠪᠠᠶᠢᠭᠤᠯᠤᠯᠲᠠ ᠶᠢ ᠡᠯ᠎ᠡ ᠰᠤᠮᠤ | ᠪᠠᠯᠭᠠᠰᠤ ᠬᠠᠷᠢᠶ᠎ᠠ ᠣᠷᠣᠨ ᠤ ᠪᠠᠨ ᠪᠣᠳᠠᠲᠠᠶ ᠪᠠᠶᠢᠳᠠᠯ ᠢ ᠦᠨᠳᠦᠰᠦᠯᠡᠨ ᠬᠡᠷ ᠪᠠᠶᠢᠰᠢᠩ ᠢ ᠥᠭᠡᠷᠡᠴᠢᠯᠡᠨ ᠵᠠᠰᠠᠬᠤ ᠪᠤᠶᠤ ᠰᠢᠨ᠎ᠡ ᠪᠠᠷ ᠪᠠᠶᠢᠭᠤᠯᠵᠤ᠂ ᠲᠣᠰ ᠣᠷᠣᠨ | ᠲᠣᠭᠤᠷᠢᠭ ᠤᠨ ᠶᠡᠷᠤ ᠶᠢᠨ ᠭᠠᠯ ᠤᠨ ᠠᠶᠤᠯ ᠢ ᠤᠨᠲᠠᠷᠠᠭᠠᠬᠤ ᠬᠠᠮᠤᠭ ᠤᠨ ᠦᠨᠳᠦᠰᠦᠨ ᠬᠡᠷᠡᠭᠴᠡᠭᠡ ᠶᠢ ᠦᠨᠡᠨᠬᠦ ᠬᠠᠩᠭᠠᠬᠤ ᠶᠢ ᠪᠠᠲᠤᠯᠠᠨ᠂ ᠭᠠᠯ ᠤᠨ ᠠᠶᠤᠯ | ᠭᠠᠷᠪᠠᠯ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠰᠢᠢᠳᠪᠦᠷᠢᠯᠡᠬᠦ ᠶᠢ ᠪᠠᠲᠤᠯᠠᠨ᠎ᠠ᠃ ᠬᠡᠷᠡᠭᠰᠡᠬᠦ ᠴᠡᠷᠢᠭ ᠤᠨ ᠬᠤᠸᠠᠷᠠᠨ᠂ ᠮᠠᠰᠢᠨ ᠲᠡᠷᠭᠡ᠂ ᠪᠠᠭᠠᠵᠢ | ᠬᠡᠷᠡᠭᠰᠡᠯ ᠲᠤᠨᠤᠭ ᠲᠥᠬᠦᠭᠡᠷᠦᠮᠵᠢ ᠶᠢ ︽ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠤᠰᠬᠠᠶ ᠠᠩᠬᠢ ᠶᠢᠨ ᠪᠦᠳᠦᠭᠡᠨ ᠪᠠᠶᠢᠭᠤᠯᠤᠯᠲᠠ ᠶᠢᠨ | ᠪᠠᠷᠢᠮᠵᠢᠶ᠎ᠠ︾ ᠪᠠᠷ ᠯᠠᠪᠯᠠᠯᠲᠠ ᠪᠣᠯᠭᠠᠨ᠎ᠠ᠃ | ᠳᠥᠷᠪᠡ᠂ ᠵᠠᠷᠤᠳᠠᠯ ᠤᠨ ᠪᠠᠲᠤᠯᠠᠭ᠎ᠠ | 6 ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠵᠢᠴᠢ ᠰᠤᠮᠤ ᠪᠠᠯᠭᠠᠰᠤ ᠶᠢᠨ ᠲᠤᠰᠬᠠᠶ ︵ | ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ︵ᠰᠢᠶᠠᠩ ᠪᠠᠯᠭᠠᠰᠤ ᠶᠢᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ︶ | ᠶᠢᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ᠂ ᠠᠵᠢᠯᠲᠠᠨ ᠤ ᠵᠠᠷᠤᠳᠠᠯ᠂ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠤᠨ ᠵᠠᠷᠤᠳᠠᠯ᠂ ᠡᠳᠦᠷ ᠲᠤᠲᠤᠮ ᠤᠨ | ᠡᠷᠭᠢᠯᠲᠡ ᠶᠢᠨ ᠠᠯᠪᠠᠨ ᠬᠡᠷᠡᠭᠯᠡᠭᠡᠨ ᠤ ᠵᠠᠷᠤᠳᠠᠯ ᠵᠡᠷᠭᠡ ᠶᠢ ᠲᠤᠰᠬᠠᠶ ᠪᠠᠯᠠ ᠮᠥᠩᠭᠦ ᠪᠣᠯᠭᠠᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠲᠤᠰᠬᠠᠶ ᠵᠣᠭᠤᠰ ᠢ | ᠲᠤᠰᠬᠠᠶ ᠵᠦᠶᠯ ᠳᠤ ᠬᠡᠷᠡᠭᠯᠡᠨ᠎ᠡ᠃ ᠡᠯ᠎ᠡ ᠭᠠᠵᠠᠷ ᠤᠨ ᠪᠣᠳᠠᠲᠠᠶ ᠲᠠᠢ ᠤᠶᠠᠯᠳᠤᠭᠤᠯᠤᠨ᠂ ᠤᠯᠠᠭᠠᠨᠪᠠᠯᠭᠠᠰᠤ᠂ ᠮᠸᠡᠭ ᠰᠢ ᠪᠠᠯᠭᠠᠰᠤ ᠬᠤᠶᠠᠷ ᠭᠠᠵᠠᠷ ᠲᠤ ᠵᠢᠯ ᠪᠦᠷᠢ | 10 ᠲᠦᠮᠡᠨ ᠲᠥᠭᠦᠷᠢᠭ ᠰᠠᠯᠭᠠᠨ ᠥᠭᠴᠦ᠂ ᠴᠢ ᠫᠠᠨ ᠵᠢᠩ ᠪᠠᠯᠭᠠᠰᠤ ᠳᠤ ᠵᠢᠯ ᠪᠦᠷᠢ 15 ᠲᠦᠮᠡᠨ ᠲᠥᠭᠦᠷᠢᠭ ᠰᠠᠯᠭᠠᠵᠤ ᠥᠭᠭᠦᠨ᠂ ᠭᠠᠯ ᠤᠨᠲᠠᠷᠠᠭᠠᠬᠤ | ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢᠨ ᠠᠵᠢᠯᠯᠠᠬᠤ ᠭᠠᠵᠠᠷ ᠢ ᠲᠣᠬᠢᠷᠠᠭᠤᠯᠬᠤ᠂ ᠡᠳᠦᠷ ᠲᠤᠲᠤᠮ ᠤᠨ ᠠᠵᠢᠯ᠂ ᠡᠳᠦᠷ ᠲᠤᠲᠤᠮ ᠤᠨ | ᠤᠬᠠᠭᠤᠯᠭ᠎ᠠ ᠪᠣᠯᠪᠠᠰᠤᠷᠠᠯ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠵᠢᠴᠢ ᠪᠤᠰᠤᠳ ᠮᠡᠳᠡᠭᠡ ᠵᠠᠩᠭᠢᠴᠢᠯᠠᠯᠳᠡ ᠶᠢᠨ ᠪᠠᠶᠢᠭᠤᠯᠤᠯᠲᠠ ᠵᠡᠷᠭᠡ ᠶᠢᠨ ᠵᠠᠷᠤᠳᠠᠯ ᠳᠤ | ᠬᠡᠷᠡᠭᠯᠡᠭᠦᠯᠦᠨ᠎ᠡ᠃ ᠠᠷᠪᠠᠰ ᠰᠤᠮᠤ᠂ ᠰᠦᠮᠡᠲᠤ ᠰᠤᠮᠤ᠂ ᠦᠮᠡᠬᠡᠶᠢᠨᠠᠭᠤᠷ ᠪᠠᠯᠭᠠᠰᠤ ᠵᠡᠷᠭᠡ ᠭᠤᠷᠪᠠᠨ ᠭᠠᠵᠠᠷ ᠲᠤ ᠵᠢᠯ ᠪᠦᠷᠢ 15 ᠲᠦᠮᠡᠨ ᠲᠥᠭᠦᠷᠢᠭ ᠰᠠᠯᠭᠠᠨ | ᠥᠭᠴᠦ᠂ ᠭᠠᠯ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢᠨ ᠠᠵᠢᠯᠯᠠᠬᠤ ᠭᠠᠵᠠᠷ ᠢ ᠲᠣᠬᠢᠷᠠᠭᠤᠯᠬᠤ᠂ ᠡᠳᠦᠷ ᠲᠤᠲᠤᠮ ᠤᠨ ᠠᠵᠢᠯ᠂ | ᠡᠳᠦᠷ ᠲᠤᠲᠤᠮ ᠤᠨ ᠤᠬᠠᠭᠤᠯᠭ᠎ᠠ ᠪᠣᠯᠪᠠᠰᠤᠷᠠᠯ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠵᠢᠴᠢ ᠪᠤᠰᠤᠳ ᠮᠡᠳᠡᠭᠡ ᠵᠠᠩᠭᠢᠴᠢᠯᠠᠯᠳᠡ ᠶᠢᠨ ᠪᠠᠶᠢᠭᠤᠯᠤᠯᠲᠠ | ᠵᠡᠷᠭᠡ ᠵᠠᠷᠤᠳᠠᠯ ᠳᠤ ᠬᠡᠷᠡᠭᠯᠡᠭᠦᠯᠦᠨ᠎ᠡ᠂ ᠡᠭᠦᠨ ᠤ ᠬᠠᠮᠲᠤ ᠰᠤᠮᠤ ᠪᠠᠯᠭᠠᠰᠤ ᠶᠢᠨ ᠲᠤᠰᠬᠠᠶ ︵ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠡᠩᠨᠡᠭᠡ ︵ᠰᠢᠶᠠᠩ ᠪᠠᠯᠭᠠᠰᠤ ᠶᠢᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ︶ ᠶᠢᠨ ᠪᠠᠶᠢᠭᠤᠯᠤᠯᠲᠠ᠂ ᠠᠵᠢᠯᠲᠠᠨ᠂ ᠲᠣᠨᠤᠭ ᠲᠥᠬᠦᠭᠡᠷᠦᠮᠵᠢ | ᠪᠠᠭᠠᠵᠢ ᠬᠡᠷᠡᠭᠰᠡᠯ᠂ ᠡᠳᠦᠷ ᠲᠤᠲᠤᠮ ᠤᠨ ᠠᠵᠢᠯ ᠵᠡᠷᠭᠡ ᠪᠤᠰᠤᠳ ᠵᠠᠷᠤᠳᠠᠯ ᠢ ᠪᠠᠭᠲᠠᠭᠠᠨ᠎ᠠ᠂ ᠡᠭᠦᠨ ᠠᠴᠠ ᠭᠠᠳᠠᠨ᠎ᠠ ᠲᠦᠷᠦᠭᠦᠤ ᠵᠢᠯ ᠳᠤ ᠠᠷᠪᠠᠰ ᠰᠤᠮᠤ᠂ | ᠰᠦᠮᠡᠲᠤ ᠰᠤᠮᠤ ᠪᠣᠯᠤᠨ ᠦᠮᠡᠬᠡᠶᠢᠨᠠᠭᠤᠷ ᠪᠠᠯᠭᠠᠰᠤ ᠵᠡᠷᠭᠡ 3 ᠰᠤᠮᠤ ᠪᠠᠯᠭᠠᠰᠤ ᠶᠢᠨ ᠲᠤᠰᠬᠠᠶ ᠵᠠᠷᠤᠳᠠᠯ ᠳᠤ ᠲᠣᠰ ᠲᠣᠰ 10 ᠲᠦᠮᠡᠨ ᠲᠥᠭᠦᠷᠢᠭ ᠰᠠᠯᠭᠠᠨ | ᠥᠭᠴᠦ᠂ ᠡᠯ᠎ᠡ ᠰᠤᠮᠤ ᠪᠠᠯᠭᠠᠰᠤ ᠶᠢᠨ ᠭᠠᠯ ᠤᠨᠲᠠᠷᠠᠭᠠᠬᠤ ᠲᠡᠷᠭᠡᠨ ᠬᠥᠮᠥᠷᠭᠡ ᠪᠠᠶᠢᠭᠤᠯᠬᠤ ᠲᠤᠰᠬᠠᠶ ᠵᠠᠷᠤᠳᠠᠯ ᠳᠤ ᠬᠡᠷᠡᠭᠯᠡᠭᠦᠯᠦᠨ᠎ᠡ᠃ ᠡᠯ᠎ᠡ ᠰᠤᠮᠤ ᠪᠠᠯᠭᠠᠰᠤ | ᠠᠷᠪᠢᠯᠠᠨ ᠭᠠᠮᠨᠠᠵᠤ᠂ ᠡᠯ᠎ᠡ ᠵᠦᠶᠯ ᠤᠨ ᠡᠳ᠋ ᠤᠨ ᠶᠠᠪᠤᠳᠠᠯ ᠤᠨ ᠲᠦᠷᠢᠮ ᠢ ᠴᠢᠩᠭ᠎ᠠ ᠬᠡᠷᠡᠭᠵᠢᠭᠦᠯᠦᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠦᠨᠡᠨᠬᠦ ᠳᠡᠭᠡᠭᠰᠢᠯᠡᠭᠦᠯᠵᠦ᠂ ᠲᠣᠭᠲᠠᠮᠠᠯ ᠬᠥᠷᠥᠩᠭᠡ ᠪᠣᠯᠬᠤ ᠵᠦᠢᠯ ᠢ ᠴᠠᠭ ᠲᠤᠬᠠᠶ ᠳᠤᠨᠢ ᠪᠦᠷᠢᠳᠬᠡᠨ ᠳᠡᠩᠰᠡᠯᠡᠵᠦ ᠬᠠᠮᠢᠶᠠᠷᠤᠨ᠎ᠠ᠃ | ᠲᠠᠪᠤ᠂ ᠴᠠᠭ ᠤᠨ ᠳᠠᠷᠠᠭᠠᠯᠠᠯ | ︵ᠨᠢᠭᠡ︶ ᠭᠤᠤᠯᠳᠠᠯᠭ᠎ᠠ ᠲᠠᠢ ᠪᠠᠶᠢᠷᠢᠯᠠᠭᠤᠯᠬᠤ ᠱᠠᠲᠤ ︵ᠲᠣᠰ ᠡᠳᠦᠷ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ︶᠃ ᠡᠯ᠎ᠡ ᠰᠤᠮᠤ ᠪᠠᠯᠭᠠᠰᠤ | ᠬᠠᠷᠢᠶ᠎ᠠ ᠣᠷᠣᠨ ᠤ ᠪᠠᠨ ᠦᠨᠳᠦᠰᠦᠨ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠵᠦ᠂ ᠭᠤᠷᠪᠠᠳᠠᠬᠢ | ᠡᠲᠡᠭᠡᠳ ᠤᠨ ᠲᠤᠰᠬᠠᠶ ᠪᠠᠶᠢᠭᠤᠯᠤᠮᠵᠢ ᠪᠠᠷ ᠬᠠᠷᠢᠶ᠎ᠠ ᠣᠷᠣᠨ ᠤ ᠪᠠᠨ ᠭᠠᠯ ᠤᠨ ᠠᠶᠤᠯ ᠤᠨ ᠲᠦᠭᠰᠢᠭᠦᠷᠢ ᠶᠢ ᠦᠨᠡᠯᠡᠵᠦ ᠵᠢᠱᠢᠭᠦᠯᠦᠨ᠂ ᠦᠨᠳᠦᠰᠦᠨ ᠱᠠᠲᠤᠨ ᠤ | ᠬᠦᠴᠦᠨ ᠤ ᠪᠠᠶᠢᠭᠤᠯᠤᠯᠲᠠ ᠶᠢᠨ ᠰᠠᠨᠠᠯ ᠰᠠᠨᠠᠭᠤᠯᠭ᠎ᠠ ᠳᠤᠷᠠᠳᠴᠤ᠂ ᠡᠯ᠎ᠡ ᠰᠤᠮᠤ ᠪᠠᠯᠭᠠᠰᠤ ᠪᠤᠳᠠᠲᠦ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠨ ᠱᠠᠲᠤᠨ ᠤ | ᠬᠦᠴᠦᠨ ᠤ ᠪᠠᠶᠢᠭᠤᠯᠤᠯᠲᠠ ᠶᠢᠨ ᠲᠤᠰᠬᠠᠶ ᠠᠩᠭᠢ ᠪᠠᠶᠢᠭᠤᠯᠵᠤ᠂ ᠦᠨᠳᠦᠰᠦᠨ ᠱᠠᠲᠤᠨ ᠤ ᠬᠦᠴᠦᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ ᠳᠣᠷᠣᠭᠰᠢ | ᠪᠠᠭᠤᠯᠭᠠᠨ᠂ ᠲᠤᠰᠬᠠᠶ ᠬᠥᠮᠦᠨ ᠢᠶᠠᠷ ᠦᠨᠳᠦᠰᠦᠨ ᠱᠠᠲᠤᠨ ᠤ ᠬᠦᠴᠦᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠭᠤᠯᠤᠨ᠎ᠠ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ︵2024 ᠣᠨ ᠤ 1 ᠳ᠋ᠦ᠋ᠭᠡᠷ ᠰᠠᠷ᠎ᠠ ᠠᠴᠠ 3 ᠳ᠋ᠤᠭᠠᠷ ᠰᠠᠷ᠎ᠠ ᠪᠣᠯᠲᠠᠯ᠎ᠠ︶᠃ ᠡᠯ᠎ᠡ ᠰᠤᠮᠤ | ᠪᠠᠯᠭᠠᠰᠤ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ | ᠲᠣᠰ ᠲᠥᠰᠦᠯ ᠤᠨ ᠪᠠᠷᠢᠮᠵᠢᠶ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠢ | ᠪᠠᠶᠢᠴᠠᠭᠠᠵᠤ ᠰᠢᠯᠭᠠᠨ ᠬᠤᠷᠢᠶᠠᠬᠤ ᠪᠠᠷᠢᠮᠵᠢᠶ᠎ᠠ︾ ᠵᠢᠴᠢ ᠬᠠᠷᠢᠶ᠎ᠠ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠦᠨᠳᠦᠰᠦᠨ ᠱᠠᠲᠤᠨ ᠤ ᠭᠠᠯ ᠤᠨᠲᠠᠷᠠᠭᠠᠬᠤ | ᠬᠦᠴᠦᠨ ᠢ ᠪᠠᠶᠢᠭᠤᠯᠤᠨ ᠪᠦᠷᠢᠨᠰᠢᠬᠦᠯᠵᠦ᠂ ᠴᠡᠷᠢᠭ ᠤᠨ ᠬᠤᠸᠠᠷᠠᠨ᠂ ᠮᠠᠰᠢᠨ ᠲᠡᠷᠭᠡ᠂ ᠪᠠᠭᠠᠵᠢ ᠬᠡᠷᠡᠭᠰᠡᠯ ᠳᠣᠭᠢᠷᠠᠭᠤᠯᠬᠤ ᠠᠵᠢᠯ ᠢ ᠰᠠᠶᠢᠲᠤᠷ ᠬᠢᠨ᠎ᠡ᠃ | ᠦᠨᠳᠦᠰᠦᠨ ᠱᠠᠲᠤᠨ ᠤ ᠭᠠᠯ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠭᠠᠯ ᠤᠨᠲᠠᠷᠠᠭᠠᠬᠤ ᠠᠵᠢᠯ ᠤᠨ ᠲᠥᠷᠢᠮ ᠲᠣᠭᠲᠠᠭᠠᠨ᠂ ᠬᠥᠳᠡᠭᠡ | ᠲᠣᠰᠬᠤᠨ ᠤ ᠡᠳᠦᠷ ᠲᠤᠳᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ | ᠠᠮᠤᠷ ᠲᠦᠪᠰᠢᠨ ᠤ ᠪᠣᠯᠪᠠᠰᠤᠷᠠᠯ ᠥᠷᠨᠢᠭᠦᠯᠬᠦ ᠶᠢᠨ ᠬᠠᠮᠲᠤ᠂ ᠭᠠᠯ ᠤᠨᠲᠠᠷᠠᠭᠠᠬᠤ ᠪᠠᠶᠢᠭᠤᠯᠭ᠎ᠠ ᠠᠴᠠ ᠬᠠᠤᠯᠢ ᠬᠡᠷᠡᠭᠵᠢᠭᠦᠯᠬᠦ ᠠᠵᠢᠯ ᠢ ᠨᠠᠶᠢᠳᠠᠨ ᠬᠢᠯᠭᠡᠬᠦ ᠶᠢ | ᠠᠬᠢᠭᠤᠯᠵᠤ᠂ ᠭᠠᠯ ᠤᠨᠲᠠᠷᠠᠭᠠᠬᠤ ᠪᠠᠶᠢᠭᠤᠯᠭ᠎ᠠ ᠠᠴᠠ ᠬᠠᠤᠯᠢ ᠬᠡᠷᠡᠭᠵᠢᠭᠦᠯᠬᠦ ᠡᠷᠬᠡ ᠣᠯᠭᠤᠬᠤ ᠶᠢ ᠲᠤᠷᠰᠢᠨ ᠬᠡᠷᠡᠭᠵᠢᠭᠦᠯᠦᠨ᠎ᠡ᠃ | ︵ᠭᠤᠷᠪᠠ︶ ᠠᠩᠬ᠎ᠠ ᠰᠢᠯᠭᠠᠨ ᠬᠤᠷᠢᠶᠠᠬᠤ ᠱᠠᠲᠤ ︵2024 ᠣᠨ ᠤ 4 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ︶᠃ ᠡᠯ᠎ᠡ ᠰᠤᠮᠤ ᠪᠠᠯᠭᠠᠰᠤ | ᠠᠩᠬᠠᠨ ᠤ ᠬᠤᠭᠤᠴᠠᠭᠠᠨ ᠤ ᠠᠵᠢᠯ ᠢᠶᠠᠨ ᠬᠢᠨᠠᠮᠠᠭᠠᠶ ᠳ᠋ᠦᠩᠨᠡᠵᠦ᠂ ᠲᠤᠷᠰᠢᠯᠭ᠎ᠠ ᠪᠠᠨ ᠬᠤᠷᠢᠶᠠᠩᠭᠤᠶᠢᠯᠠᠨ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠬᠦᠴᠦᠨ ᠤ ᠪᠠᠶᠢᠭᠤᠯᠤᠯᠲᠠ ᠶᠢᠨ ᠰᠢᠰᠲ᠋ᠧᠮ ᠢᠶᠠᠷ ᠡᠯ᠎ᠡ ᠰᠤᠮᠤ | ᠪᠠᠯᠭᠠᠰᠤ ᠶᠢᠨ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠭᠤᠶᠤᠴᠢᠯᠠᠨ ᠮᠡᠳᠡᠭᠦᠯᠵᠦ᠂ | ᠭᠤᠶᠤᠴᠢᠯᠠᠨ ᠮᠡᠳᠡᠭᠦᠯᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠠᠩᠬᠠᠨ ᠤ | ᠰᠢᠯᠭᠠᠨ ᠬᠤᠷᠢᠶᠠᠯᠲᠠ ᠪᠠ ᠦᠨᠡᠯᠡᠨ ᠵᠢᠱᠢᠬᠦ ᠠᠵᠢᠯ ᠢ ᠬᠢᠬᠦ ᠶᠢᠨ ᠬᠠᠮᠲᠤ᠂ ︽ᠲᠠᠪᠤ ᠶᠢ ᠨᠢᠭᠡ ᠴᠤᠭᠴᠠᠵᠢᠭᠤᠯᠬᠤ︾᠂ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ︾ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ︾᠂ ︽ᠠᠮᠤᠷ ᠠᠮᠤᠭᠤᠯᠠᠩ ᠤᠨ | ᠪᠠᠶᠢᠭᠤᠯᠤᠯᠲᠠ︾ ᠵᠡᠷᠭᠡ ᠬᠢᠨᠠᠨ ᠰᠢᠯᠭᠠᠷᠠᠭᠤᠯᠤᠯᠲᠠ ᠶᠢᠨ ᠴᠢᠬᠤᠯᠠ ᠭᠦᠶᠴᠡᠳᠬᠡᠯ ᠲᠤᠭ᠎ᠠ ᠳᠤ ᠣᠷᠣᠭᠤᠯᠤᠨ᠎ᠠ᠃ | ︵ᠳᠥᠷᠪᠡ︶ ᠪᠥᠬᠦ ᠲᠠᠯ᠎ᠠ ᠪᠠᠷ ᠳᠡᠭᠡᠭᠰᠢᠯᠡᠭᠦᠯᠬᠦ ᠱᠠᠲᠤ ︵2024 ᠣᠨ ᠤ 6 ᠳ᠋ᠤᠭᠠᠷ ᠰᠠᠷ᠎ᠠ ᠠᠴᠠ 2024 ᠣᠨ ᠤ ᠰᠡᠭᠦᠯᠴᠢ ᠪᠣᠯᠲᠠᠯ᠎ᠠ︶᠃ ᠡᠯ᠎ᠡ | ᠰᠤᠮᠤ ᠪᠠᠯᠭᠠᠰᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠦᠨᠳᠦᠰᠦᠨ ᠱᠠᠲᠤᠨ ᠤ | ᠵᠠᠰᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠵᠠᠰᠠᠯᠲᠠ ᠶᠢᠨ ᠨᠡᠶᠢᠭᠡᠮᠴᠢᠯᠡᠭᠰᠡᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠭᠠᠯ | ᠤᠨᠲᠠᠷᠠᠭᠠᠬᠤ ᠠᠮᠤᠷ ᠲᠦᠪᠰᠢᠨ ᠤ ᠪᠠᠶᠢᠷᠢᠰᠢᠭᠤᠯᠤᠯᠲᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠭᠠᠯ ᠤᠨᠲᠠᠷᠠᠭᠠᠬᠤ ᠤᠰᠤᠨ ᠤ ᠡᠬᠢ ᠰᠤᠷᠪᠤᠯᠵᠢ ᠶᠢᠨ | ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠤ ᠴᠡᠭᠴᠡᠯᠡᠯᠲᠡ᠂ ᠬᠥᠳᠡᠭᠡ ᠲᠣᠰᠬᠤᠨ ᠤ ᠵᠠᠮ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠥᠳᠡᠭᠡ ᠲᠣᠰᠬᠤᠨ ᠤ ᠤᠰᠤ | ᠴᠠᠬᠢᠯᠭᠠᠨ ᠤ ᠥᠭᠡᠷᠡᠴᠢᠯᠡᠯᠲᠡ ᠶᠢᠨ ᠢᠨᠵᠧᠨᠧᠷᠢᠩ ᠯᠦᠭᠡ ᠤᠶᠠᠯᠳᠤᠭᠤᠯᠵᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ ᠪᠠ ᠠᠶᠢᠯ ᠲᠣᠰᠬᠤᠨ ᠤ | ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠤᠨ᠎ᠠ᠃ ︽ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠠ | ᠭᠠᠯ ᠤᠨ ᠠᠶᠤᠯ ᠤᠨ ᠰᠡᠷᠭᠡᠶᠢᠯᠡᠨ ᠡᠵᠡᠮᠳᠡᠯ ᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 80 ᠳ᠋ᠤᠭᠠᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠬᠤᠶᠠᠷ ᠢ ᠳᠡᠭᠡᠳᠦᠯᠡᠬᠦ︾ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠭᠠᠯ | ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠭᠠᠯ ᠤᠨ ᠠᠶᠤᠯ ᠢ ᠰᠡᠷᠭᠡᠶᠢᠯᠡᠬᠦ ᠪᠠ ᠭᠠᠯ ᠤᠨᠲᠠᠷᠠᠭᠠᠬᠤ ᠠᠪᠤᠷᠠᠨ | ᠲᠤᠰᠠᠯᠠᠬᠤ ᠬᠦᠴᠢᠷ ᠠᠰᠠᠭᠤᠳᠠᠯ ᠢ ᠰᠢᠶᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠡᠯ᠎ᠡ ᠰᠤᠮᠤ ᠪᠠᠯᠭᠠᠰᠤ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠵᠠᠰᠠᠯᠲᠠ ᠶᠢ ᠨᠢᠭᠡᠳᠦᠯᠲᠡᠶ ᠲᠥᠯᠥᠪᠯᠡᠵᠦ ᠠᠬᠢᠭᠤᠯᠬᠤ᠂ ᠭᠠᠯ ᠤᠨ ᠠᠶᠤᠯ ᠢ ᠦᠷᠭᠦᠯᠵᠢᠯᠡᠨ ᠲᠣᠭᠲᠠᠭᠤᠨ ᠰᠡᠷᠭᠡᠶᠢᠯᠡᠬᠦ ᠶᠢ ᠦᠨᠡᠨᠬᠦ ᠪᠠᠲᠤᠯᠠᠬᠤ ᠳᠤ | ᠴᠢᠬᠤᠯᠠ ᠶᠡᠭᠡ ᠠᠯᠤᠰ ᠬᠡᠳᠥ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠬᠠᠮᠢᠶ᠎ᠠ ᠪᠥᠬᠦᠶ ᠪᠠᠶᠢᠭᠤᠯᠭ᠎ᠠ ︽ | ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ | ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠬᠠᠮᠢᠶᠠᠷᠬᠤ︾ ︵ᠠᠵᠢᠯ | ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︶ ᠲᠣᠭᠲᠠᠭᠠᠯ ᠢ ᠨᠢᠮᠪᠡᠢ ᠨᠠᠶᠢᠳᠠᠪᠤᠷᠢᠵᠢᠭᠤᠯᠵᠤ᠂ ᠨᠢᠭᠡᠳᠦᠯᠲᠡᠢ | ᠲᠥᠯᠥᠪᠯᠡᠬᠦ᠂ ᠵᠣᠬᠢᠴᠠᠭᠤᠯᠤᠨ ᠪᠠᠲᠤᠯᠠᠬᠤ ᠶᠢ ᠴᠢᠩᠭᠠᠳᠬᠠᠨ᠂ ᠦᠨᠳᠦᠰᠦᠨ ᠱᠠᠲᠤᠨ ᠤ ᠭᠠᠯ ᠤᠨᠲᠠᠷᠠᠭᠠᠬᠤ ᠠᠵᠢᠯ ᠤᠨ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠦᠨ᠎ᠡ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠦᠨᠳᠦᠰᠦᠨ ᠱᠠᠲᠤᠨ ᠤ | ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠰᠤᠮᠤ ᠪᠠᠯᠭᠠᠰᠤ ᠶᠢᠨ ᠭᠤᠤᠯ | ᠤᠳᠤᠷᠢᠳᠤᠯᠭ᠎ᠠ ᠠᠴᠠ ᠬᠠᠷᠢᠭᠤᠴᠠᠨ᠂ ᠨᠢᠭᠡ ᠪᠠᠭ ᠤᠨ ᠪᠦᠷᠢᠯᠳᠦᠬᠦᠨ ᠲᠦᠷᠦᠭᠦᠯᠡᠨ ᠬᠠᠷᠢᠭᠤᠴᠠᠬᠤ ᠶᠢ ᠲᠣᠳᠣᠷᠬᠠᠶᠢᠯᠠᠵᠤ᠂ ᠲᠤᠰᠬᠠᠶ ᠤᠳᠤᠷᠢᠳᠬᠤ ᠳᠤᠭᠤᠶᠢᠯᠠᠩ | ᠪᠠ ᠠᠵᠢᠯ ᠤᠨ ᠲᠤᠰᠬᠠᠶ ᠠᠩᠭᠢ ᠪᠠᠶᠢᠭᠤᠯᠤᠨ᠂ ᠠᠵᠢᠯ ᠢ ᠬᠤᠭᠤᠴᠠᠭ᠎ᠠ ᠲᠣᠭᠲᠠᠭᠠᠨ ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ | ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ | ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠬᠠᠪᠰᠤᠷᠭᠠᠭᠰᠠᠨ ᠪᠠᠭ ᠤᠨ ᠪᠦᠷᠢᠯᠳᠦᠬᠦᠨ ᠠᠴᠠ ᠭᠠᠳᠠᠨᠠᠬᠢ᠂ ᠪᠤᠰᠤᠳ ᠬᠥᠮᠦᠰ ᠢ ᠲᠤᠰᠬᠠᠶ ᠲᠤᠰᠢᠶᠠᠯ ᠳᠤ | ᠲᠤᠰᠬᠠᠶ ᠬᠡᠷᠡᠭᠯᠡᠨ᠎ᠡ︔ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠴᠠᠭ ᠬᠤᠭᠤᠴᠠᠭ᠎ᠠ ᠶᠣᠰᠣᠭᠠᠷ᠂ ᠰᠤᠮᠤ | ᠪᠠᠯᠭᠠᠰᠤ ᠶᠢᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠨ᠎ᠠ᠃ | ︵ᠭᠤᠷᠪᠠ︶ ᠱᠠᠭᠠᠷᠳᠠᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ | ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠡᠳᠦᠷ ᠲᠤᠲᠤᠮ ᠤᠨ ᠱᠠᠭᠠᠷᠳᠠᠨ ᠪᠠᠶᠢᠴᠠᠭᠠᠬᠤ ᠠᠭᠤᠯᠭ᠎ᠠ ᠳᠠᠭᠠᠨ ᠣᠷᠣᠭᠤᠯᠵᠤ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠲᠠᠰᠤᠷᠠᠯᠲᠠ ᠥᠬᠡᠶ ᠱᠠᠭᠠᠷᠳᠠᠵᠤ ᠪᠠᠶᠢᠴᠠᠭᠠᠨ᠂ ᠠᠵᠢᠯ ᠢ ᠬᠤᠶᠢᠰᠢᠯᠠᠭᠤᠯᠤᠭᠰᠠᠨ᠂ ᠠᠷᠭᠠᠴᠠᠭᠠᠭᠰᠠᠨ᠂ ᠱᠠᠲᠤ | ᠦᠶ᠎ᠡ ᠶᠢᠨ ᠠᠵᠢᠯ ᠤᠨ ᠡᠭᠦᠷᠭᠡ ᠪᠠᠨ ᠴᠠᠭ ᠲᠠᠭᠠᠨ ᠪᠡᠶᠡᠯᠡᠭᠦᠯᠦᠭᠰᠡᠨ ᠥᠬᠡᠶ ᠪᠠᠶᠢᠪᠠᠯ᠂ ᠪᠥᠬᠦ ᠬᠤᠰᠢᠭᠤᠨ ᠳᠤ ᠵᠠᠷᠯᠠᠨ ᠮᠡᠳᠡᠭᠳᠡᠨ᠎ᠡ︔ ᠳᠡᠭᠡᠳᠦ ᠱᠠᠲᠤᠨ ᠤ | ᠱᠠᠭᠠᠷᠳᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠪᠤᠶᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠡᠭᠦᠷᠭᠡ ᠶᠢ | ᠪᠠᠷᠢᠮᠵᠢᠶ᠎ᠠ ᠶᠣᠰᠣᠭᠠᠷ ᠪᠡᠶᠡᠯᠡᠭᠦᠯᠦᠭᠰᠡᠨ ᠥᠬᠡᠶ ᠪᠠᠶᠢᠪᠠᠯ᠂ ᠰᠠᠬᠢᠯᠭ᠎ᠠ ᠪᠠᠲᠤ ᠲᠣᠭᠲᠠᠭᠠᠯ ᠶᠣᠰᠣᠭᠠᠷ ᠰᠤᠮᠤ ᠪᠠᠯᠭᠠᠰᠤ ᠶᠢᠨ ᠵᠠᠰᠠᠭ ᠤᠨ ᠣᠷᠳᠣᠨ ᠪᠠ | ᠪᠠᠶᠢᠭᠤᠯᠭ᠎ᠠ ᠶᠢᠨ ᠨᠠᠮ ᠵᠠᠰᠠᠭ ᠤᠨ ᠤᠳᠤᠷᠢᠳᠤᠯᠭ᠎ᠠ᠂ ᠬᠠᠷᠢᠭᠤᠴᠠᠯᠭᠠᠲᠠᠨ ᠢ ᠴᠢᠩᠭ᠎ᠠ ᠰᠢᠢᠳᠪᠦᠷᠢᠯᠡᠨ᠎ᠡ᠃ | | | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ / ᠲᠠᠶᠢᠯᠤᠮᠵᠢ᠄ ᠣᠲᠤᠭ ᠬᠤᠰᠢᠭᠤᠨ ᠤ ᠰᠤᠮᠤ ᠪᠠᠯᠭᠠᠰᠤ ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠲᠤᠭ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | | |