ᠡᠪᠤᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ
ᠨᠡᠶᠢᠲᠡᠯᠡᠭᠰᠡᠨ ᠴᠠᠭ᠄
2024/1/22
      ᠡᠪᠦᠯ ᠤᠨ ᠠᠮᠠᠷᠠᠯᠲᠠ ᠬᠦᠷᠴᠦ ᠢᠷᠡᠯ᠎ᠡ᠃ ᠵᠢᠯ ᠪᠦᠷᠢ ᠶᠢᠨ ᠡᠪᠦᠯ ᠤᠨ ᠠᠮᠠᠷᠠᠯᠲᠠ ᠪᠣᠯ ᠪᠠᠶᠠᠷ ᠭᠦᠷ ᠲᠠᠢ ᠪᠤᠯᠪᠠᠴᠤ ᠮᠥᠨ ᠬᠡᠦᠬᠡᠳ ᠤᠨ ᠰᠠᠨᠠᠭᠠᠨ ᠳᠤ ᠦᠭᠡᠢ ᠭᠡᠮᠲᠦᠯ ᠣᠯᠠᠨ ᠡᠭᠦᠰᠬᠦ ᠬᠤᠭᠤᠴᠠᠭ᠎ᠠ ᠶᠤᠮ᠂ ᠬᠡᠦᠬᠡᠳ ᠤᠨ ᠡᠷᠡᠭᠦᠯ ᠮᠡᠨᠳᠦ ᠶᠢᠨ ᠬᠥᠮᠦᠵᠢᠯ᠂ ᠠᠮᠤᠷ ᠲᠦᠪᠰᠢᠨ ᠤ ᠤᠬᠠᠮᠰᠠᠷ ᠤᠨ ᠬᠥᠮᠦᠵᠢᠯ ᠢ ᠴᠢᠩᠭᠠᠳᠬᠠᠬᠤ ᠨᠢ ᠲᠦᠢᠯ ᠤᠨ ᠴᠢᠬᠤᠯᠠ ᠶᠤᠮ᠃ ᠬᠡᠦᠬᠡᠳ ᠤᠨ ᠠᠮᠤᠷ ᠲᠦᠪᠰᠢᠨ ᠳᠤ ᠪᠠᠭ᠎ᠠ ᠤᠴᠢᠷ ᠦᠭᠡᠢ᠂ ᠪᠠᠭᠰᠢ ᠨᠠᠷ᠂ ᠭᠡᠷ ᠤᠨ ᠠᠬᠠᠮᠠᠳ ᠡᠳᠡᠭᠡᠷ ᠠᠮᠤᠷ ᠲᠦᠪᠰᠢᠨ ᠤ ᠰᠠᠨᠠᠭᠤᠯᠤᠮᠵᠢ ᠶᠢ ᠬᠡᠦᠬᠡᠳ ᠲᠤ ᠪᠠᠨ ᠶᠠᠷᠢᠵᠤ ᠥᠭᠭᠦᠭᠡᠷᠡᠢ᠃     ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ᠨᠢᠭᠡ︶       ︽ᠭᠠᠳᠠᠭᠰᠢ ᠭᠠᠷᠪᠠᠯ ᠠᠮᠤᠷ ᠲᠦᠪᠰᠢᠨ ᠢ ᠪᠠᠲᠤᠯᠠᠶ᠎ᠠ︾       ᠡᠪᠦᠯ ᠤᠨ ᠠᠮᠠᠷᠠᠯᠲᠠ ᠬᠦᠷᠴᠦ ᠢᠷᠡᠯ᠎ᠡ᠂ ᠣᠯᠠᠨ ᠢᠶᠠᠷ ᠢᠶᠠᠨ ᠠᠮᠠᠷᠠᠯᠲᠠ ᠶᠢᠨ ᠬᠤᠭᠤᠴᠠᠭ᠎ᠠ ᠪᠠᠨ ᠡᠳ᠋ᠯᠡᠬᠦ ᠶᠢᠨ ᠬᠠᠮᠲᠤ ᠠᠮᠤᠷ ᠲᠦᠪᠰᠢᠨ ᠤ ᠠᠰᠠᠭᠤᠳᠠᠯ ᠢ ᠴᠤ ᠣᠮᠲᠣᠭᠠᠶᠢᠯᠠᠵᠤ ᠪᠤᠯᠬᠤ ᠦᠭᠡᠢ᠃ ᠨᠢᠭᠡ ᠳᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠠᠮᠤᠷ ᠲᠦᠪᠰᠢᠨ ᠤ ᠰᠡᠷᠡᠮᠵᠢᠯᠡᠭᠦᠯᠭᠦ ᠮᠡᠳᠡᠭᠡ ᠵᠠᠩᠭᠢ ᠶᠢ ᠠᠩᠬᠠᠷᠴᠤ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠨ᠂ ᠭᠠᠳᠠᠭᠰᠢ ᠶᠠᠪᠤᠬᠤ ᠠᠴᠠ ᠪᠠᠨ ᠡᠮᠦᠨ᠎ᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠭᠡᠷ ᠤᠨ ᠠᠬᠠᠮᠠᠳ ᠲᠤ ᠪᠠᠨ ᠥᠪᠡᠷ ᠤᠨ ᠬᠠᠮᠢᠭ᠎ᠠ ᠶᠠᠪᠤᠭᠰᠠᠨ᠂ ᠬᠠᠨᠢ ᠨᠥᠬᠦᠳ ᠪᠠ ᠪᠤᠴᠠᠵᠤ ᠢᠷᠡᠬᠦ ᠴᠠᠭ ᠢᠶᠠᠨ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠢ᠃ ᠬᠤᠶᠠᠷ ᠲᠤ᠂ ᠬᠥᠪᠥᠩ ᠱᠠᠬᠠᠢ᠂ ᠬᠥᠪᠥᠩ ᠣᠶᠢᠮᠤᠰᠤ ᠪᠠᠨ ᠰᠠᠶᠢᠨ ᠡᠮᠦᠰᠴᠦ᠂ ᠭᠠᠳᠠᠭᠰᠢ ᠭᠠᠷᠪᠠᠯ ᠪᠡᠭᠡᠯᠡᠢ᠂ ᠮᠠᠯᠠᠭᠠᠢ᠂ ᠬᠦᠵᠦᠭᠦᠨ ᠤ ᠣᠷᠢᠶᠠᠯᠲᠠ ᠵᠡᠭᠦᠵᠦ᠂ ᠳᠠᠭᠠᠷᠠᠬᠤ᠂ ᠭᠠᠷ ᠬᠥᠯ ᠢᠶᠠᠨ ᠬᠥᠯᠳᠡᠭᠡᠬᠦ᠂ ᠬᠢᠮᠤᠷᠠᠬᠤ ᠠᠴᠠ ᠬᠢᠴᠢᠶᠡᠬᠦ ᠬᠡᠷᠡᠭᠲᠡᠢ᠃ ᠴᠢᠬᠢ ᠬᠠᠮᠠᠷ ᠭᠠᠷ ᠢᠶᠠᠨ ᠤᠷᠲᠤ ᠬᠤᠭᠤᠴᠠᠭ᠎ᠠ ᠪᠠᠷ ᠭᠠᠳᠠᠨ᠎ᠠ ᠭᠠᠷᠭᠠᠵᠤ ᠪᠤᠯᠬᠤ ᠦᠭᠡᠢ᠃ ᠭᠤᠷᠪᠠ ᠳᠤ᠂ ᠪᠣᠷᠣᠭᠠᠨ ᠴᠠᠰᠤ ᠲᠠᠢ ᠡᠳᠦᠷ ᠠᠯᠭᠤᠷ ᠶᠠᠪᠤᠬᠤ ᠬᠡᠷᠡᠭᠲᠡᠢ᠂ ᠵᠠᠮ ᠤᠨ ᠪᠠᠶᠢᠳᠠᠯ ᠲᠣᠳᠣᠷᠬᠠᠢ ᠦᠭᠡᠢ ᠵᠠᠮ ᠢᠶᠠᠷ ᠶᠠᠪᠤᠬᠤ ᠦᠭᠡᠢ᠃ ᠶᠡᠭᠡ ᠮᠠᠨᠠᠨ᠂ ᠪᠣᠷᠣᠭᠠᠨ ᠴᠠᠰᠤ ᠵᠡᠷᠭᠡ ᠴᠠᠭ ᠠᠭᠤᠷ ᠲᠣᠬᠢᠶᠠᠯᠳᠤᠪᠠᠯ ᠭᠠᠳᠠᠭᠰᠢ ᠭᠠᠷᠬᠤ ᠪᠠᠨ ᠬᠤᠶᠢᠰᠢᠯᠠᠭᠤᠯᠵᠤ᠂ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠳᠥᠷᠪᠡ ᠳᠤ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠳᠤ ᠶᠠᠭᠤᠨ ᠤ ᠡᠮᠦᠨ᠎ᠡ ᠠᠮᠤᠷ ᠲᠦᠪᠰᠢᠨ ᠤ ᠡᠭᠦᠳᠡ ᠶᠢ ᠠᠩᠬᠠᠷᠤᠨ ᠠᠵᠢᠭᠯᠠᠵᠤ᠂ ᠡᠮᠬᠢ ᠵᠢᠷᠤᠮ ᠢ ᠳᠠᠭᠠᠵᠦ᠂ ᠰᠢᠬᠠᠯᠳᠤᠬᠤ ᠦᠭᠡᠢ᠂ ᠵᠢᠯᠣᠭᠤᠳᠤᠯᠭ᠎ᠠ ᠶᠣᠰᠣᠭᠠᠷ ᠶᠠᠪᠤᠵᠤ᠂ ᠭᠢᠰᠬᠢᠳᠡᠯ ᠤᠨ ᠬᠡᠷᠡᠭ ᠠᠴᠠ ᠵᠠᠶᠢᠯᠠᠰᠬᠢᠬᠦ ᠬᠡᠷᠡᠭᠲᠡᠢ᠃ ᠲᠠᠪᠤ ᠳᠤ᠂ ᠤᠰᠤᠨ ᠤ ᠬᠥᠪᠡᠭᠡᠨ ᠳᠤ ᠳᠤᠷ᠎ᠠ ᠪᠠᠷ ᠢᠶᠠᠨ ᠣᠴᠢᠵᠤ ᠨᠠᠭᠠᠳᠬᠤ ᠦᠭᠡᠢ᠂ ᠡᠵᠡᠭᠦᠢ ᠭᠤᠣᠯ ᠳᠡᠭᠡᠷ᠎ᠡ ᠮᠥᠰᠥ ᠲᠡᠰᠢᠬᠦ ᠦᠭᠡᠢ᠃ ᠬᠠᠨᠢ ᠬᠠᠮᠰᠠᠭᠠᠲᠠᠨ ᠤ ᠤᠰᠤᠨ ᠳᠤ ᠵᠢᠪᠦᠭᠰᠡᠨ ᠢ ᠣᠯᠵᠤ ᠮᠡᠳᠡᠪᠡᠯ ᠲᠡᠷᠡ ᠳᠠᠷᠤᠢ ᠳᠤᠨᠢ ᠨᠠᠰᠤᠨ ᠳᠤ ᠭᠦᠷᠦᠭᠰᠡᠳ ᠤᠨ ᠬᠠᠪᠰᠤᠷᠤᠯᠭ᠎ᠠ ᠶᠢ ᠡᠷᠢᠵᠦ᠂ 110᠂ 120 ᠤᠲᠠᠰᠤ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠨ᠎ᠠ᠃ ᠵᠢᠷᠭᠤᠭ᠎ᠠ ᠳᠤ᠂ ᠡᠪᠦᠯ ᠤᠨ ᠠᠮᠠᠷᠠᠯᠲᠠ ᠶᠢᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠤᠯᠴᠠᠬᠤ ᠳᠤ ᠵᠣᠬᠢᠶᠠᠨ ᠪᠠᠶᠢᠭᠤᠯᠤᠭᠴᠢ᠂ ᠠᠭᠤᠯᠭ᠎ᠠ ᠂ ᠵᠠᠮ ᠱᠤᠭᠤᠮ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠣᠶᠢᠯᠠᠭᠠᠨ ᠮᠡᠳᠡᠵᠦ᠂ ᠬᠠᠤᠯᠢ ᠳᠤ ᠨᠡᠶᠢᠴᠡᠬᠦ ᠦᠭᠡᠢ᠂ ᠠᠮᠤᠷ ᠲᠦᠪᠰᠢᠨ ᠪᠤᠰᠤ ᠠᠵᠢᠯᠯᠠᠭ᠎ᠠ ᠳᠤ ᠣᠷᠤᠯᠴᠠᠬᠤ ᠦᠭᠡᠢ᠃ ᠳᠣᠯᠤᠭ᠎ᠠ ᠳᠤ᠂ ᠠᠶᠤᠯᠲᠤ ᠲᠣᠭᠯᠠᠭᠠᠮ ᠠᠴᠠ ᠵᠠᠶᠢᠳᠠᠵᠤ᠂ ᠠᠮᠤᠷ ᠲᠦᠪᠰᠢᠨ ᠤ ᠬᠠᠮᠠᠭᠠᠯᠠᠬᠤ ᠪᠠᠭᠠᠵᠢ ᠪᠠᠨ ᠰᠠᠶᠢᠲᠤᠷ ᠵᠡᠭᠦᠵᠦ᠂ ᠨᠠᠶᠢᠵᠠ ᠨᠠᠷ ᠲᠠᠢ ᠪᠠᠨ ᠨᠠᠭᠠᠳᠬᠤ ᠳᠠᠭᠠᠨ ᠨᠠᠶᠢᠷ ᠲᠠᠯᠪᠢᠬᠤ ᠶᠢ ᠰᠤᠷᠴᠤ᠂ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠨᠠᠢᠮᠠ ᠳᠤ᠂ ᠲᠣᠭᠲᠠᠭᠰᠠᠨ ᠴᠠᠭ ᠪᠠ ᠭᠠᠵᠠᠷ ᠲᠤ᠂ ᠲᠣᠮᠣ ᠬᠥᠮᠥᠰ ᠤᠨ ᠪᠠᠷ᠎ᠠ ᠪᠤᠯᠣᠯᠭ᠎ᠠ ᠳᠣᠣᠷ᠎ᠠ ᠠᠮᠤᠷ ᠲᠦᠪᠰᠢᠨ᠂ ᠣᠷᠴᠢᠨ ᠠᠬᠤᠢ ᠶᠢ ᠬᠠᠮᠠᠭᠠᠯᠠᠬᠤ ᠬᠤᠸᠠᠷ ᠫᠤᠤᠵᠢᠩ ᠢ ᠣᠷᠣᠯᠠᠭᠤᠯᠬᠤ ᠴᠢᠨᠠᠷᠲᠠᠢ ᠦᠢᠯᠡᠳᠬᠦᠨ ᠢ ᠬᠡᠷᠡᠭᠯᠡᠨ᠎ᠡ᠃       ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ᠬᠤᠶᠠᠷ︶      ︽ᠠᠮᠤᠷ ᠲᠦᠪᠰᠢᠨ ᠪᠠᠶᠠᠷ ᠭᠦᠷ ᠲᠠᠢ ᠪᠠᠷ ᠪᠠᠶᠠᠷ ᠤᠨ ᠡᠳᠦᠷ ᠢᠶᠠᠨ ᠪᠡᠯᠭᠡᠯᠡᠶ᠎ᠡ︾       ᠡᠪᠦᠯ ᠤᠨ ᠠᠮᠠᠷᠠᠯᠲᠠ ᠶᠢ ᠠᠮᠤᠷ ᠲᠦᠪᠰᠢᠨ ᠥᠩᠭᠡᠷᠡᠭᠦᠯᠵᠦ᠂ ᠪᠠᠶᠠᠷ ᠭᠦᠷ ᠲᠠᠢ ᠪᠠᠷ ᠰᠢᠨ᠎ᠡ ᠵᠢᠯ ᠢᠶᠠᠨ ᠤᠭᠲᠤᠶ᠎ᠠ᠃ ᠨᠢᠭᠡ ᠳᠤ᠂ ᠲᠠᠸᠠᠷ ᠤᠨ ᠪᠣᠭᠤᠳᠠᠯ ᠪᠠᠭᠯᠠᠭ᠎ᠠ᠂ ᠢᠯᠵᠢᠷᠡᠬᠦ ᠶᠢ ᠰᠡᠷᠭᠡᠶᠢᠯᠡᠬᠦ ᠡᠳ᠋᠂ ᠬᠠᠲᠠᠭᠠᠬᠴᠢ ᠡᠳ᠋ ᠵᠡᠷᠭᠡ ᠠᠮᠠᠷᠬᠠᠨ ᠰᠢᠲᠠᠬᠤ ᠠᠮᠠᠷᠬᠠᠨ ᠳᠡᠯᠪᠡᠷᠡᠬᠦ ᠪᠤᠶᠤ ᠬᠤᠣᠷᠲᠤ ᠪᠣᠳᠠᠰ ᠢ ᠨᠠᠭᠠᠳᠬᠤ ᠦᠭᠡᠢ᠂ ᠨᠡᠭᠦᠷᠡᠰᠦᠨ ᠴᠠᠭᠢᠯᠭᠠᠨ ᠬᠡᠷᠡᠭᠰᠡᠯ ᠵᠢᠴᠢ ᠡᠯ᠎ᠡ ᠲᠥᠷᠥᠯ ᠤᠨ ᠭᠡᠷ ᠤᠨ ᠴᠠᠭᠢᠯᠭᠠᠨ ᠬᠡᠷᠡᠭᠰᠡᠯ ᠢ ᠵᠥᠪ ᠬᠡᠷᠡᠭᠯᠡᠨ᠎ᠡ᠃ ᠬᠤᠶᠠᠷ ᠲᠤ᠂ ᠨᠣᠴᠣᠭᠠᠭᠤᠷ᠂ ᠴᠦᠢᠳᠧᠩ ᠢᠶᠠᠷ ᠨᠠᠭᠠᠳᠴᠤ ᠪᠤᠯᠬᠤ ᠦᠭᠡᠢ᠂ ᠨᠣᠴᠣᠮᠠᠲᠠᠭᠠᠢ ᠳᠡᠯᠪᠡᠷᠡᠮᠡᠲᠡᠭᠡᠢ ᠵᠡᠷᠭᠡ ᠠᠶᠤᠯᠲᠤ ᠪᠣᠳᠠᠰ ᠲᠠᠢ ᠣᠶᠢᠷᠠᠳᠴᠤ ᠪᠤᠯᠬᠤ ᠦᠭᠡᠢ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠤᠷᠪᠠ ᠳᠤ᠂ ᠭᠠᠭᠴᠠᠭᠠᠷ ᠢᠶᠠᠨ ᠫᠤᠤᠵᠢᠩ ᠪᠤᠶᠤ ᠬᠤᠸᠠᠷ ᠫᠤᠤᠵᠢᠩ ᠲᠠᠯᠪᠢᠬᠤ ᠦᠭᠡᠢ᠂ ᠨᠣᠴᠣᠵᠤ ᠪᠠᠶᠢᠭ᠎ᠠ ᠫᠤᠤᠵᠢᠩ ᠪᠠ ᠬᠤᠸᠠᠷ ᠫᠤᠤᠵᠢᠩ ᠠᠴᠠ ᠬᠤᠯᠠ ᠵᠠᠶᠢᠳᠠᠭᠤ ᠪᠠᠶᠢᠬᠤ ᠬᠡᠷᠡᠭᠲᠡᠢ᠃ ᠳᠥᠷᠪᠡ ᠳᠤ᠂ ᠠᠶᠤᠯᠲᠤ ᠪᠣᠳᠠᠰ ᠪᠠ ᠠᠶᠤᠯᠲᠠᠢ ᠲᠠᠯᠠᠪᠤᠷ ᠠᠴᠠ ᠬᠤᠯᠠ ᠪᠠᠶᠢᠬᠤ ᠬᠡᠷᠡᠭᠲᠡᠢ᠂ ᠵᠢᠱᠢᠶᠡᠯᠡᠪᠡᠯ ᠬᠤᠷᠴᠠ ᠦᠵᠦᠭᠦᠷ ᠲᠠᠢ ᠰᠢᠷᠡᠭᠡ ᠰᠠᠨᠳᠠᠯᠢ᠂ ᠬᠤᠷᠭᠤ ᠵᠡᠷᠭᠡ ᠠᠮᠢᠳᠤᠷᠠᠯ ᠤᠨ ᠬᠡᠷᠡᠭᠰᠡᠯ ᠠᠴᠠ ᠬᠤᠯᠠ ᠪᠠᠶᠢᠬᠤ ᠬᠡᠷᠡᠭᠲᠡᠢ᠃ ᠴᠣᠩᠬᠤᠨ ᠳᠡᠷᠭᠡᠳᠡ ᠨᠠᠭᠠᠳᠴᠤ ᠪᠤᠯᠬᠤ ᠦᠭᠡᠢ᠂ ᠨᠠᠩ ᠴᠤ ᠪᠡᠶ᠎ᠡ ᠪᠠᠨ ᠴᠣᠩᠬᠤᠨ ᠭᠠᠳᠠᠨ᠎ᠠ ᠭᠠᠷᠭᠠᠵᠤ ᠪᠤᠯᠬᠤ ᠦᠭᠡᠢ᠃ ᠲᠠᠪᠤ ᠳᠤ᠂ ᠫᠤᠤᠵᠢᠩ ᠢ ᠲᠣᠰᠣ ᠨᠡᠮᠡᠬᠦ ᠥᠷᠲᠡᠭᠡ᠂ ᠵᠦᠯᠭᠡ ᠵᠡᠷᠭᠡ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠵᠦᠭ ᠰᠢᠳᠡᠵᠦ ᠪᠤᠯᠬᠤ ᠦᠭᠡᠢ᠃ ᠵᠢᠷᠭᠤᠭ᠎ᠠ ᠳᠤ᠂ ᠰᠢᠨᠵᠢᠯᠡᠬᠦ ᠤᠬᠠᠭᠠᠨᠴᠢ ᠪᠠᠷ ᠢᠳᠡᠭᠡᠨ ᠤᠮᠳᠠᠭᠠᠨ ᠢᠳᠡᠬᠦ ᠬᠡᠷᠡᠭᠲᠡᠢ᠂ ᠬᠡᠲᠦᠷᠡᠲᠡᠯ᠎ᠡ ᠢᠳᠡᠵᠦ ᠤᠤᠭᠤᠬᠤ ᠦᠭᠡᠢ᠂ ᠬᠤᠭᠤᠯᠠ ᠭᠤᠯᠣᠬᠤ ᠦᠭᠡᠢ᠂ ᠰᠢᠬᠢᠷᠯᠢᠭ ᠳᠠᠪᠤᠰᠤ ᠲᠠᠢ ᠲᠣᠰᠣᠨ ᠳᠤ ᠰᠢᠷᠠᠭᠰᠠᠨ ᠢᠳᠡᠭᠡᠨ ᠢ ᠬᠡᠲᠦᠷᠡᠲᠡᠯ᠎ᠡ ᠢᠳᠡᠬᠦ ᠦᠭᠡᠢ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠢ ᠢᠳᠡᠬᠦ ᠦᠭᠡᠢ᠂ ᠦᠨᠡᠮᠯᠡᠯ ᠦᠭᠡᠢ ᠪᠠᠷ ᠡᠵᠡᠩᠨᠡᠭᠰᠡᠨ ᠪᠠ ᠶᠠᠰᠤ ᠴᠢᠨᠠᠷ ᠤᠨ ᠪᠠᠲᠤᠯᠠᠭ᠎ᠠ ᠦᠭᠡᠢ ᠢᠳᠡᠭᠡᠨ ᠢ ᠬᠤᠳᠠᠯᠳᠤᠨ ᠠᠪᠬᠤ ᠦᠭᠡᠢ᠃ ᠳᠣᠯᠤᠭ᠎ᠠ ᠳᠤ᠂ ᠭᠠᠷ ᠤᠲᠠᠰᠤ᠂ ᠰᠦᠯᠵᠢᠶᠡᠨ ᠳᠤ ᠰᠢᠨᠤᠬᠤ ᠦᠭᠡᠢ᠂ ᠱᠠᠯᠢᠭ ᠵᠠᠪᠬᠠᠢ ᠬᠦᠴᠦᠷᠬᠡᠭᠯᠡᠯ ᠤᠨ ᠲᠣᠭᠯᠠᠭᠠᠮ ᠨᠠᠭᠠᠳᠬᠤ ᠦᠭᠡᠢ᠂ ᠪᠦᠬᠦᠯᠢ 18 ᠨᠠᠰᠤ ᠭᠦᠷᠦᠭᠡᠳᠦᠢ ᠪᠣᠯ ᠨᠠᠰᠤᠨ ᠳᠤ ᠥᠯᠥ ᠭᠦᠷᠦᠭᠰᠡᠳ ᠣᠷᠣᠬᠤ ᠶᠢ ᠴᠠᠭᠠᠵᠠᠯᠠᠭᠰᠠᠨ ᠵᠤᠭ᠎ᠠ ᠴᠡᠩᠭᠡᠯ ᠤᠨ ᠭᠠᠵᠠᠷ ᠲᠤ ᠣᠴᠢᠬᠤ ᠦᠭᠡᠢ᠃ ᠨᠠᠢᠮᠠ ᠳᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠵᠦ᠂ ᠰᠦᠯᠵᠢᠶᠡᠨ ᠤ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠲᠠᠨᠢᠯ ᠪᠤᠰᠤ ᠰᠦᠯᠵᠢᠶᠡᠨ ᠠᠨᠳᠠ ᠲᠠᠢ ᠠᠭᠤᠯᠵᠠᠬᠤ ᠦᠭᠡᠢ᠃       ᠡᠪᠦᠯ ᠤᠨ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ︵ᠭᠤᠷᠪᠠ︶       ︽ᠬᠤᠪᠢ ᠪᠡᠶ᠎ᠡ ᠶᠢᠨ ᠬᠠᠮᠢᠶᠠᠷᠤᠯᠲᠠ ᠪᠠᠨ ᠰᠠᠶᠢᠲᠤᠷ ᠭᠢᠶ᠎ᠠ︾       ᠡᠷᠡᠭᠦᠯ ᠮᠡᠨᠳᠦ᠂ ᠤᠳᠬ᠎ᠠ ᠠᠭᠤᠯᠭ᠎ᠠ ᠲᠠᠢ ᠠᠮᠠᠷᠠᠯᠲᠠ ᠶᠢ ᠬᠡᠷᠬᠢᠨ ᠥᠩᠭᠡᠷᠡᠭᠦᠯᠬᠦ ᠪᠤᠢ︖ ᠡᠨᠡ ᠬᠦ ᠬᠤᠪᠢ ᠪᠡᠶ᠎ᠡ ᠶᠢᠨ ᠬᠠᠮᠢᠶᠠᠷᠤᠯᠲᠠ ᠶᠢᠨ ᠰᠠᠨᠠᠭᠤᠯᠤᠮᠵᠢ ᠶᠢ ᠬᠢᠨᠠᠮᠠᠭᠠᠢ ᠴᠡᠭᠡᠵᠢᠯᠡᠭᠡᠷᠡᠢ᠃ ᠨᠢᠭᠡ ᠳᠤ᠂ ᠠᠵᠢᠯᠯᠠᠵᠤ ᠠᠮᠠᠷᠠᠬᠤ ᠪᠠᠨ ᠡᠮᠬᠢ ᠵᠢᠷᠤᠮ ᠲᠠᠢ ᠪᠠᠶᠢᠯᠭᠠᠵᠤ᠂ ᠡᠷᠲᠡ ᠤᠨᠲᠠᠵᠤ ᠡᠷᠲᠡ ᠪᠤᠰᠬᠤ ᠬᠡᠷᠡᠭᠲᠡᠢ᠃ ᠪᠠᠭ᠎ᠠ ᠰᠤᠷᠭᠠᠭᠤᠯᠢ ᠶᠢᠨ ᠰᠤᠷᠤᠬᠴᠢᠳ ᠡᠳᠦᠷ ᠪᠦᠷᠢ ᠠᠷᠪᠠᠨ ᠴᠠᠭ ᠤᠨᠲᠠᠵᠤ᠂ ᠠᠩᠬ᠎ᠠ ᠳᠤᠮᠳᠠᠳᠤ ᠶᠢᠨ ᠰᠤᠷᠤᠬᠴᠢᠳ ᠶᠢᠰᠦᠨ ᠴᠠᠭ ᠤᠨᠲᠠᠵᠤ᠂ ᠥᠨᠳᠥᠷ ᠳᠤᠮᠳᠠᠳᠤ ᠶᠢᠨ ᠰᠤᠷᠤᠬᠴᠢᠳ ᠨᠠᠢᠮᠠᠨ ᠴᠠᠭ ᠤᠨᠲᠠᠬᠤ ᠬᠡᠷᠡᠭᠲᠡᠢ᠃ ᠬᠤᠶᠠᠷ ᠲᠤ ᠂ ᠪᠡᠶ᠎ᠡ ᠪᠠᠨ ᠪᠤᠯᠪᠠᠰᠤᠷᠠᠭᠤᠯᠵᠤ᠂ ᠡᠳᠦᠷ ᠪᠦᠷᠢ ᠨᠢᠭᠡ ᠴᠠᠭ ᠬᠥᠳᠡᠯᠭᠡᠭᠡᠨ ᠬᠢᠨ᠎ᠡ᠃ ᠡᠷᠡᠭᠦᠯ ᠬᠠᠮᠠᠭᠠᠯᠠᠯ ᠢ ᠡᠷᠬᠢᠮᠯᠡᠵᠦ᠂ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠪᠡᠶ᠎ᠡ ᠡᠪ ᠦᠭᠡᠢ ᠪᠤᠶᠤ ᠡᠪᠡᠳᠴᠢᠯᠡᠬᠦ ᠳᠤ ᠴᠠᠭ ᠲᠤᠬᠠᠢ ᠳᠤᠨᠢ ᠭᠡᠷ ᠤᠨ ᠠᠬᠠᠮᠠᠳ ᠪᠠ ᠪᠠᠭᠰᠢ ᠳᠠᠭᠠᠨ ᠮᠡᠳᠡᠭᠳᠡᠬᠦ ᠬᠡᠷᠡᠭᠲᠡᠢ᠃ ᠭᠤᠷᠪᠠ ᠳᠤ᠂ ᠥᠪᠡᠷ ᠢᠶᠠᠨ ᠰᠤᠷᠤᠯᠴᠠᠬᠤ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠠᠶᠢᠨ ᠰᠠᠶᠢᠬᠠᠨ ᠰᠤᠷᠤᠯᠴᠠᠯᠭ᠎ᠠ ᠠᠮᠢᠳᠤᠷᠠᠯ ᠤᠨ ᠳᠠᠳᠬᠠᠯ ᠲᠠᠢ ᠪᠣᠯᠵᠤ᠂ ᠳᠤᠷ᠎ᠠ ᠪᠠᠬ᠎ᠠ ᠪᠠ ᠳᠤᠷ᠎ᠠ ᠰᠣᠨᠢᠷᠬᠠᠯ ᠢ ᠬᠥᠮᠥᠵᠢᠭᠦᠯᠦᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠳᠤ ᠰᠣᠬᠤᠷ ᠪᠠᠯᠠᠢ ᠪᠠᠷ ᠣᠷᠤᠯᠴᠠᠬᠤ ᠦᠭᠡᠢ ᠪᠠᠶᠢᠵᠤ᠂ ᠰᠤᠷᠭᠠᠭᠤᠯᠢ ᠡᠬᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ᠰᠤᠷᠤᠯᠭ᠎ᠠ ᠠᠮᠢᠳᠤᠷᠠᠯ᠂ ᠰᠡᠳᠬᠢᠯᠭᠡ ᠵᠡᠷᠭᠡ ᠲᠠᠯ᠎ᠠ ᠪᠠᠷ ᠰᠡᠳᠬᠢᠴᠡ ᠶᠢᠨ ᠲᠥᠭᠡᠷᠢᠭᠳᠡᠯ ᠳᠤ ᠤᠴᠠᠷᠠᠬᠤ ᠦᠶᠡᠰ᠂ ᠬᠠᠪᠰᠤᠷᠤᠨ ᠵᠢᠯᠣᠭᠤᠳᠤᠭᠴᠢ᠂ ᠠᠩᠭᠢ ᠶᠢᠨ ᠡᠷᠭᠢᠯᠡᠭᠴᠢ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠥᠪ ᠤᠨ ᠪᠠᠭᠰᠢ ᠠᠴᠠ ᠰᠢᠭᠤᠳ ᠬᠠᠪᠰᠤᠷᠤᠯᠭ᠎ᠠ ᠡᠷᠢᠨ᠎ᠡ᠃ ᠲᠠᠪᠤ ᠳᠤ᠂ ᠡᠯᠧᠺᠲᠷᠦᠨ ᠦᠢᠯᠡᠳᠬᠦᠨ ᠬᠡᠷᠡᠭᠯᠡᠬᠦ ᠴᠠᠭ ᠢ ᠰᠠᠶᠢᠲᠤᠷ ᠡᠵᠡᠮᠳᠡᠵᠦ᠂ ᠬᠡᠷᠡᠭᠯᠡᠬᠦ ᠴᠠᠭ ᠢᠶᠠᠨ 20 ᠮᠢᠨᠦ᠋ᠲ ᠣᠷᠴᠢᠮ ᠪᠠᠶᠢᠯᠭᠠᠪᠠᠯ ᠬᠠᠮᠤᠭ ᠤᠨ ᠲᠣᠬᠢᠷᠠᠮᠵᠢᠲᠠᠢ᠂ ᠠᠯᠤᠰ ᠢ ᠪᠠᠷᠠᠯᠠᠬᠤ ᠵᠡᠷᠭᠡ ᠠᠷᠭ᠎ᠠ ᠬᠡᠮᠵᠢᠶ᠎ᠡ ᠠᠪᠴᠤ ᠨᠢᠳᠦ ᠪᠠᠨ ᠠᠮᠠᠷᠠᠭᠤᠯᠵᠤ ᠪᠣᠯᠣᠨ᠎ᠠ᠃ ᠵᠢᠷᠭᠤᠭ᠎ᠠ ᠳᠤ᠂ ᠮᠦᠽᠧᠢ᠂ ᠠᠯᠳᠠᠷᠲᠤ ᠬᠥᠮᠥᠰ ᠤᠨ ᠬᠠᠭᠤᠴᠢᠨ ᠰᠠᠭᠤᠴᠠ᠂ ᠠᠯᠳᠠᠷᠲᠤ ᠬᠠᠭᠤᠴᠢᠳ ᠲᠤ ᠠᠮᠠᠷᠠᠯᠲᠠ ᠶᠢᠨ ᠬᠤᠭᠤᠴᠠᠭᠠᠨ ᠳᠤ ᠢᠯᠡᠭᠦᠬᠡᠨ ᠲᠣᠭᠤᠷᠢᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠨᠥᠬᠦᠪᠦᠷᠢ ᠪᠤᠯᠭᠠᠵᠤ᠂ ᠮᠡᠳᠡᠯᠭᠡ ᠪᠠᠨ ᠨᠡᠮᠡᠭᠳᠡᠭᠦᠯᠵᠦ᠂ ᠮᠡᠳᠡᠯᠭᠡ ᠪᠠᠨ ᠪᠠᠶᠠᠯᠢᠭᠵᠢᠭᠤᠯᠵᠤ ᠪᠣᠯᠣᠨ᠎ᠠ᠃ ᠳᠣᠯᠤᠭ᠎ᠠ ᠳᠤ᠂ ᠠᠶᠤᠯᠭᠦᠢ ᠶᠢᠨ ᠮᠡᠳᠡᠯᠭᠡ ᠶᠢ ᠬᠢᠨᠠᠮᠠᠭᠠᠢ ᠰᠤᠷᠤᠯᠴᠠᠵᠤ᠂ ᠠᠶᠤᠯᠭᠦᠢ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠨ᠂ ᠠᠶᠤᠯᠭᠦᠢ ᠶᠢᠨ ᠰᠡᠷᠭᠡᠶᠢᠯᠡᠬᠦ ᠮᠡᠷᠭᠡᠵᠢᠯ ᠤᠨ ᠴᠢᠳᠠᠪᠤᠷᠢ ᠪᠠᠨ‌‍ᠲ᠋ᠡᠭᠡᠭᠰᠢᠯᠡᠭᠦᠯᠵᠦ᠂ ᠨᠡᠭᠦᠷᠡᠰᠦᠨ ᠬᠡᠢ ᠳᠤ ᠬᠤᠣᠷᠳᠠᠭᠳᠠᠬᠤ᠂ ᠰᠠᠨᠠᠭᠠᠨ ᠳᠤ ᠦᠭᠡᠢ ᠤᠰᠤᠨ ᠳᠤ ᠴᠠᠴᠠᠬᠤ᠂ ᠭᠢᠰᠬᠢᠳᠡᠯ ᠤᠨ ᠬᠡᠷᠡᠭ ᠲᠤ ᠤᠴᠠᠷᠠᠬᠤ᠂ ᠭᠠᠯ ᠤᠨ ᠠᠶᠤᠯ ᠵᠡᠷᠭᠡ ᠡᠯ᠎ᠡ ᠲᠥᠷᠥᠯ ᠤᠨ ᠠᠳᠡᠯ ᠢ ᠴᠢᠩᠭ᠎ᠠ ᠰᠡᠷᠭᠡᠶᠢᠯᠡᠵᠦ᠂ ᠡᠯ᠎ᠡ ᠲᠥᠷᠥᠯ ᠤᠨ ᠴᠠᠭᠢᠯᠭᠠᠨ ᠬᠤᠯᠪᠣᠭᠠᠨ ᠤ ᠮᠡᠬᠡᠯᠡᠯ ᠪᠠ ᠰᠦᠯᠵᠢᠶᠡᠨ ᠤ ᠮᠡᠬᠡᠯᠡᠯ ᠢ ᠰᠡᠷᠡᠮᠵᠢᠯᠡᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠦᠵᠡᠯ‌ᠤᠬᠠᠮᠰᠠᠷ ᠢᠶᠠᠨ ᠨᠡᠮᠡᠭᠳᠡᠭᠦᠯᠵᠦ᠂ ᠲᠤᠰ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠬᠤ ᠬᠡᠷᠡᠭᠲᠡᠢ᠃ ᠨᠠᠢᠮᠠ ᠳᠤ᠂ ᠪᠣᠯᠪᠠᠰᠤᠨ ᠬᠡᠪ ᠰᠤᠷᠲᠠᠯ ᠢ ᠰᠠᠨᠠᠭᠠᠴᠢᠯᠠᠨ᠎ᠠ᠃ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠢᠴᠢ ᠪᠤᠰᠤᠳ ᠡᠷᠡᠭᠦᠯ ᠮᠡᠨᠳᠦ ᠳᠤ ᠠᠰᠢᠭᠲᠠᠢ ᠨᠡᠶᠢᠭᠡᠮ ᠤᠨ ᠦᠢᠯᠡᠳᠦᠯᠭᠡ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠰᠤᠷᠤᠬᠴᠢ ᠪᠦᠷᠢ ᠶᠢᠨ ᠡᠪᠦᠯ ᠤᠨ ᠠᠮᠠᠷᠠᠯᠲᠠ ᠪᠠᠨ ᠤᠳᠬ᠎ᠠ ᠠᠭᠤᠯᠭ᠎ᠠ ᠲᠠᠢ ᠂ ᠡᠯᠪᠡᠭ ᠣᠯᠣᠯᠲᠠ ᠲᠠᠢ ᠥᠩᠭᠡᠷᠡᠭᠦᠯᠬᠦ ᠶᠢ ᠬᠦᠰᠡᠨ ᠵᠥᠩᠨᠡᠵᠦ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ