ᠭᠤᠤ ᠬᠤᠸᠠᠢ ᠵᠢᠩ ᠠᠷᠪᠠᠰ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/24
      1 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠠᠷᠪᠠᠰ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠤ ᠠᠷᠪᠠᠰ ᠰᠤᠮᠤ ᠶᠢᠨ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠶᠢᠲᠡᠯᠡᠨ ᠮᠡᠳᠡᠭᠳᠡᠪᠡ᠃ ᠰᠤᠮᠤᠨ ᠤ ᠭᠤᠣᠯ ᠬᠠᠷᠢᠭᠤᠴᠠᠯᠭᠠᠲᠠᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠨ  ᠪᠠᠶᠢᠴᠠᠭᠠᠬᠤ ᠶᠢᠨ ᠳᠠᠭᠠᠤ ᠬᠠᠷᠢᠯᠴᠠᠨ ᠰᠢᠭᠦᠮᠵᠢᠯᠡᠯ ᠬᠢᠪᠡ᠃      ᠭᠤᠸ ᠬᠤᠸᠠᠢ ᠵᠢᠩ ᠲᠣᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ ᠨᠢᠭᠡ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠨ᠂ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠦᠵᠡᠯ ᠰᠠᠨᠠᠭ᠎ᠠ ᠤᠨᠤᠯ ᠤᠨ ᠲᠦᠪᠰᠢᠨ ᠤ ᠳᠡᠭᠡᠭᠰᠢᠯᠡᠯᠲᠡ ᠪᠠᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂  ᠭᠤᠣᠯ ᠰᠢᠵᠢᠮ ᠢ ᠲᠣᠣᠱᠯᠠᠭᠤᠯᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠭᠤᠣᠯ ᠰᠢᠵᠢᠮ ᠤᠨ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠠᠷᠠᠳ ᠲᠦᠮᠡᠨ ᠳᠤ ᠪᠤᠶᠠᠨ ᠦᠢᠯᠡᠳᠬᠦ ᠵᠥᠪ ᠣᠨᠣᠪᠴᠢᠲᠠᠢ ᠠᠵᠢᠯ ᠤᠨ  ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠥᠷᠪᠡ ᠳᠤ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠ ᠬᠤᠰᠢᠭᠤ ᠨᠠᠮ ᠤᠨ ᠬᠤᠷᠢᠶᠠᠨ ᠤ ︽ᠨᠠᠢᠮᠠᠨ ᠵᠢᠱᠢᠶ᠎ᠡ ᠦᠵᠡᠭᠦᠯᠬᠦ︾ ᠬᠠᠷᠠᠯᠲᠠ ᠶᠢᠨ ᠡᠭᠦᠷᠭᠡ ᠶᠢ ᠲᠣᠭᠲᠠᠭᠠᠵᠤ᠂ ᠦᠨᠡᠨ ᠬᠦ ᠬᠡᠷᠡᠭᠵᠢᠭᠦᠯᠦᠨ ᠪᠣᠳᠠᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠬᠢᠵᠦ᠂ ᠵᠣᠷᠢᠭᠲᠠᠢ ᠪᠠᠷ ᠰᠡᠳᠬᠢᠵᠦ ᠠᠵᠢᠯᠯᠠᠨ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠠᠪᠤ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠠᠬᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠽᠢ ᠳ᠋ᠦᠩ ᠣᠷᠣᠯᠴᠠᠵᠠᠢ᠃ 
ᠢᠷᠡᠯᠲᠡ᠄ ᠣᠲᠤᠭ ᠨᠡᠶᠢᠲᠡᠯᠡᠯ