ᠣᠲᠤᠭ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠡᠬᠢᠯᠡᠵᠦ  ᠭᠤᠸ ᠬᠤᠸᠠᠢ ᠵᠢᠩ ᠬᠤᠷᠠᠯ ᠳᠤ ᠣᠷᠣᠯᠴᠠᠨ  ᠰᠤ᠋ ᡁᠢ ᠰᠢᠶᠦ᠋ᠡᠭ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ  ᠯᠢ ᠷᠦᠢ ᠮᠢᠨ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/1/26
      1 ᠰᠠᠷ᠎ᠠ ᠶᠢᠨ 26 ᠤ ᠦᠳᠡ ᠶᠢᠨ ᠡᠮᠦᠨ᠎ᠡ ᠶᠢᠨ 10 ᠴᠠᠭ ᠬᠠᠭᠠᠰ ᠲᠤ᠂ ᠣᠲᠤᠭ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠬᠤᠰᠢᠭᠤ ᠨᠠᠮ ᠵᠠᠰᠠᠭ ᠤᠨ ᠬᠤᠷᠠᠯᠳᠤᠭᠠᠨ ᠤ ᠲᠥᠪ ᠲᠤ ᠡᠬᠢᠯᠡᠪᠡ᠃ ᠡᠭᠦᠷᠭᠡ ᠬᠠᠷᠢᠭᠤᠴᠠᠯᠭ᠎ᠠ ᠪᠠ ᠢᠲᠡᠭᠡᠯ ᠨᠠᠶᠢᠳᠠᠯᠭ᠎ᠠ ᠶᠢ ᠡᠭᠦᠷᠭᠡᠯᠡᠵᠦ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠢ ᠡᠪᠦᠷᠯᠡᠨ᠂ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠲᠠᠬᠢ ᠠᠷᠠᠳ ᠤᠨ ᠲᠥᠯᠥᠭᠡᠯᠡᠭᠴᠢᠳ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠪᠦᠷᠯᠡᠨ ᠦᠪᠡᠳᠡᠭᠰᠢ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠬᠤᠸᠠᠢ ᠵᠢᠩ ᠬᠤᠷᠠᠯ ᠳᠤ ᠣᠷᠣᠯᠴᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠷᠦᠢ ᠮᠢᠨ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠣᠳᠬᠠᠨᠪᠠᠶ᠋ᠷ᠂ ᠯᠢ ᠶᠤᠸᠠᠢ ᠱᠧᠩ᠂ ᠪᠠᠢ ᠴᠣᠭᠵᠢᠯᠲᠤ᠂ ᠭᠤᠤ ᠯᠢᠶᠠᠨ ᠹᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠰᠠᠭᠠᠲᠠᠪᠠ᠃ ᠰᠤ᠋ ᡁᠢ  ᠰᠢᠶᠦ᠋ᠡᠭ᠂ ᠰᠠᠷᠠᠨᠲᠤᠶᠠᠭ᠎ᠠ ᠵᠡᠷᠭᠡ ᠬᠤᠰᠢᠭᠤᠨ ᠤ ᠤᠳᠤᠷᠢᠳᠤᠯᠭ᠎ᠠ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠤᠰ ᠤᠳᠠᠭ᠎ᠠ ᠶᠢᠨ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 157 ᠬᠥᠮᠥᠨ᠂ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 142 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃      ᠦᠳᠡ ᠶᠢᠨ ᠡᠮᠦᠨ᠎ᠡ ᠶᠢᠨ 10 ᠴᠠᠭ ᠬᠠᠭᠠᠰ ᠲᠤ᠂ ᠯᠢ ᠷᠦᠢ ᠮᠢᠨ ᠣᠲᠤᠭ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠡᠬᠢᠯᠡᠭᠰᠡᠨ ᠢ ᠵᠠᠷᠯᠠᠪᠠ︕ ᠬᠤᠷᠠᠯ ᠤᠨ ᠲᠠᠯᠠᠪᠠᠢ ᠳᠤ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠳᠠᠭᠤᠯᠠᠪᠠ᠃      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠰᠤ᠋ ᡁᠢ ᠰᠢᠶᠦ᠋ᠡᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠨᠢ 2023 ᠣᠨ ᠤ ᠠᠵᠢᠯ ᠤᠨ ᠳ᠋ᠦᠩᠨᠡᠯᠲᠡ᠂ 2024 ᠣᠨ ᠤ ᠠᠵᠢᠯ ᠤᠨ ᠲᠣᠬᠢᠷᠠᠭᠤᠯᠤᠯᠲᠠ ᠪᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠰᠢᠨᠲᠠᠷᠠᠰᠢ ᠦᠭᠡᠢ ᠴᠢᠩᠭ᠎ᠠ ᠠᠳᠬᠤᠬᠤ ᠭᠡᠰᠡᠨ ᠭᠤᠷᠪᠠᠨ ᠬᠡᠰᠡᠭ ᠢᠶᠠᠷ ᠪᠦᠷᠢᠯᠳᠦᠪᠡ᠃      ᠰᠤ᠋ ᡁᠢ ᠰᠢᠶᠦ᠋ᠡᠭ 2023 ᠣᠨ ᠪᠣᠯ ᠤᠳᠤᠭ ᠤᠨ ᠥᠭᠡᠷᠡᠴᠢᠯᠡᠯᠲᠡ ᠬᠥᠭᠵᠢᠯᠲᠡ ᠶᠢᠨ ᠠᠬᠢᠴᠠ ᠳᠠᠬᠢ ᠲᠤᠶᠢᠯ ᠤᠨ ᠬᠦᠴᠢᠷ ᠪᠡᠷᠬᠡᠰᠢᠶᠡᠯ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ  ᠮᠦᠨᠴᠦ ᠬᠤᠰᠢᠭᠤ ᠳᠠᠶᠠᠭᠠᠷ ᠢᠶᠠᠨ ᠬᠦᠴᠢᠷ ᠢ ᠬᠠᠮᠲᠤ ᠪᠠᠷ ᠲᠤᠭᠤᠯᠵᠤ᠂ ᠰᠢᠷᠭᠠᠭᠤ ᠲᠡᠮᠡᠴᠡᠭᠰᠡᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠨ᠂ ︽ᠨᠠᠢᠮᠠᠨ ᠵᠢᠱᠢᠶ᠎ᠡ ᠦᠵᠡᠭᠦᠯᠬᠦ︾᠂ ︽ᠲᠠᠪᠤ ᠶᠢ ᠳᠠᠬᠢᠨ ᠲᠠᠰ ᠳᠡᠪᠰᠢᠭᠦᠯᠬᠦ︾ ᠶᠢ ᠯᠠᠪᠳᠠᠭᠤᠨ ᠢᠶᠠᠷ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠬᠡᠯᠡᠪᠡ᠃      ᠰᠤ᠋ ᡁᠢ ᠰᠢᠶᠦ᠋ᠡᠭ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠷᠠᠭᠤᠯᠵᠤ ᠨᠡᠷᠡᠰ ᠤᠨ ᠵᠢᠭᠰᠠᠭᠠᠯᠲᠠ ᠳᠤ ᠣᠷᠣᠬᠤ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠰᠢᠯᠢᠳᠡᠭᠵᠢᠭᠦᠯᠬᠦ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠬᠥᠳᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠬᠥᠭᠵᠢᠯᠲᠡ ᠶᠢᠨ ᠠᠮᠤᠷ ᠲᠦᠪᠰᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠲᠣᠭᠲᠠᠭᠤᠨ ᠢ ᠠᠬᠢᠭᠤᠯᠬᠤ ᠵᠡᠷᠭᠡ 7 ᠲᠠᠯ᠎ᠠ ᠪᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠡᠷᠭᠢᠴᠡᠭᠦᠯᠪᠡ᠃      ᠰᠤ᠋ ᡁᠢ ᠰᠢᠶᠦ᠋ᠡᠭ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠢ  ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠪᠠᠲᠤᠲᠠᠢ ᠥᠷᠨᠢᠭᠦᠯᠦᠨ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠢ ᠦᠢᠯᠡᠳᠦᠯᠭᠡᠵᠢᠭᠦᠯᠦᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ᠬᠠᠲᠤᠨ ᠭᠤᠣᠯ ᠤᠨ ᠰᠠᠪᠠ ᠭᠠᠵᠠᠷ ᠤᠨ ᠰᠡᠷᠡᠮᠵᠢᠯᠡᠭᠦᠯᠦᠯ ᠤᠨ ᠹᠢᠯᠢᠮ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ ᠢ ᠪᠠᠶᠢᠩᠭᠤ ᠵᠠᠰᠠᠬᠤ ᠠᠵᠢᠯ ᠰᠢᠪᠲᠤᠷᠭᠠᠨ ᠤ ᠱᠠᠲᠤᠨ ᠳᠤ ᠣᠷᠣᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠤᠷᠮ᠎ᠠ ᠶᠢ 100% ᠪᠠᠷ ᠪᠠᠲᠤᠯᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠴᠢᠮᠲᠡᠢ ᠴᠢᠩᠭᠠᠳᠬᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠠᠯᠪᠠᠨ ᠤ ︽ᠭᠤᠷᠪᠠᠨ ᠵᠠᠷᠤᠳᠠᠯ︾ ᠤᠨ ᠨᠡᠮᠡᠭᠳᠡᠯ ᠢ ᠦᠷᠭᠦᠯᠵᠢᠯᠡᠨ ᠬᠤᠷᠢᠭᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠵᠣᠬᠢᠰᠲᠠᠢ ᠬᠡᠪᠴᠢᠶᠡᠨ ᠳᠣᠲᠣᠷ᠎ᠠ ᠪᠠᠶᠢᠯᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠨ ᠪᠣᠳᠣᠯᠲᠠ ᠶᠢᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 87 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ 91 ᠵᠥᠪᠯᠡᠯᠭᠡ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ ᠭᠡᠵᠦ ᠬᠡᠯᠡᠪᠡ᠃      ᠰᠤ᠋ ᡁᠢ ᠰᠢᠶᠦ᠋ᠡᠭ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠵᠦ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠭ᠎ᠠ ᠶᠣᠰᠣᠭᠠᠷ᠂ ᠵᠠᠰᠠᠭ ᠤᠨ ᠣᠷᠳᠣᠨ ᠤ ᠠᠵᠢᠯ ᠨᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ ᠲᠣᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠣᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠳᠤ ᠲᠣᠭᠤᠷᠢᠭᠤᠯᠤᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠬᠡᠯᠡᠪᠡ᠃      ᠰᠤ᠋ ᡁᠢ ᠰᠢᠶᠦ᠋ᠡᠭ ᠥᠨᠥ ᠵᠢᠯ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ  ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 8% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠦ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠮ ᠨᠢᠭᠡᠲᠡᠢ ᠪᠠᠶᠢᠯᠭᠠᠨ᠎ᠠ︔ ᠪᠦᠬᠦ ᠤᠯᠤᠰ ᠤᠨ ᠵᠠᠭᠤᠨ ᠬᠦᠴᠦᠷᠬᠡᠭ ᠰᠢᠶᠠᠠ ᠤ ᠨᠡᠷᠡᠰ ᠤᠨ ᠵᠢᠭᠰᠠᠭᠠᠯᠲᠠ ᠳᠤ ᠤᠷᠤᠭᠰᠢ ᠳᠠᠪᠰᠢᠬᠤ ᠪᠠᠷ ᠴᠢᠷᠮᠠᠶᠢᠨ᠎ᠠ ᠭᠡᠵᠦ ᠬᠡᠯᠡᠪᠡ᠃      ᠰᠤ᠋ ᡁᠢ ᠰᠢᠶᠦ᠋ᠡᠭ ᠬᠡᠯᠡᠬᠦ ᠳᠡᠭᠡᠨ᠂ 2024 ᠣᠨ ᠳᠤ ᠠᠵᠤ ᠦᠢᠯᠡᠳᠪᠦᠷᠢ ᠶᠢᠨ ᠴᠢᠨᠠᠷ ᠢ ᠳᠡᠭᠡᠭᠰᠢᠯᠡᠭᠦᠯᠬᠦ ᠶᠢ ᠲᠣᠪᠣᠶᠢᠯᠭᠠᠵᠤ᠂ ᠬᠥᠭᠵᠢᠯᠲᠡ ᠶᠢᠨ ᠡᠷᠴᠢ ᠬᠦᠴᠦᠨ ᠢ ᠡᠷᠴᠢᠮᠵᠢᠭᠦᠯᠦᠨ ᠴᠢᠩᠭᠠᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠲᠣᠪᠣᠶᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠠᠬᠢᠭᠤᠯᠬᠤ᠂ ᠦᠢᠯᠡᠴᠢᠯᠡᠭᠡᠨ ᠤ ᠦᠢᠯᠡᠰ ᠤᠨ ᠠᠰᠠᠭᠤᠳᠠᠯ ᠢ ᠰᠢᠢᠳᠪᠦᠷᠢᠯᠡᠬᠦ ᠶᠢ ᠳᠣᠪᠤᠶᠢᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠦᠷᠭᠡᠨ ᠪᠣᠢ ᠪᠣᠯᠭᠠᠬᠤ᠂ ᠪᠣᠬᠢᠷᠲᠤᠯ ᠦᠭᠡᠢ ᠬᠥᠭᠵᠢᠯᠲᠡ ᠶᠢ ᠳᠣᠪᠣᠶᠢᠯᠭᠠᠵᠤ᠂ ᠠᠮᠢ ᠠᠬᠤᠢ ᠶᠢᠨ ᠬᠠᠯᠬᠠᠪᠴᠢ ᠶᠢ ᠪᠥᠬᠦ ᠲᠠᠯ᠎ᠠ ᠪᠠᠷ ᠪᠠᠶᠢᠭᠤᠯᠬᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ ᠶᠢ ᠳᠣᠪᠦᠶᠢᠯᠭᠠᠵᠤ᠂ ᠳᠣᠲᠣᠭᠠᠳᠤ ᠬᠦᠳᠡᠯᠭᠡᠭᠴᠢ ᠬᠦᠴᠦᠨ ᠢ ᠭᠦᠢᠴᠡᠳ ᠬᠥᠭᠵᠢᠭᠡᠬᠦ᠂ ᠣᠷᠣᠨ ᠪᠦᠰᠡ ᠶᠢᠨ ᠵᠣᠬᠢᠴᠠᠭᠤᠯᠭ᠎ᠠ ᠶᠢ ᠳᠣᠪᠤᠶᠢᠯᠭᠠᠵᠤ᠂ ᠬᠤᠲᠠ ᠪᠠᠯᠭᠠᠰᠤ ᠶᠢᠨ ᠴᠢᠨᠠᠷ ᠲᠡᠰ ᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠬᠥᠮᠥᠨ ᠢᠶᠠᠷ ᠦᠨᠳᠦᠰᠦ ᠪᠣᠯᠭᠠᠬᠤ ᠶᠢ ᠳᠣᠪᠣᠶᠢᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ᠂ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠪᠴᠢᠲᠠᠢ ᠪᠠᠶᠢᠬᠤ ᠶᠢ ᠳᠣᠪᠣᠶᠢᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠬᠦ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠭᠡᠪᠡ᠃      ᠰᠤ᠋ ᡁᠢ ᠰᠢᠶᠦ᠋ᠡᠭ ᠬᠡᠯᠡᠬᠦ ᠳᠡᠭᠡᠨ᠂ ᠠᠷᠠᠳ ᠢᠷᠭᠡᠳ ᠪᠣᠯᠪᠠᠰᠤ ᠤᠯᠤᠰ ᠬᠦᠷᠦᠨ ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠲᠥᠷᠥ ᠲᠦᠪᠰᠢᠨ ᠲᠦᠮᠡᠨ ᠠᠮᠤᠭᠤᠯᠠᠩ ᠪᠣᠯᠣᠮᠤᠢ᠃ ᠨᠠᠮ ᠤᠨ ᠦᠨᠳᠦᠰᠦ ᠰᠠᠭᠤᠷᠢ᠂ ᠴᠢᠰᠤᠨ ᠰᠤᠳᠠᠰᠤ ᠪᠠ ᠬᠦᠴᠦᠨ ᠴᠢᠳᠠᠯ ᠨᠢ ᠠᠷᠠᠳ ᠲᠦᠮᠡᠨ ᠳᠤ ᠪᠤᠢ᠂ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠳᠡ ᠬᠦᠴᠦᠨ ᠮᠥᠨ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠡᠷᠬᠡ ᠪᠠᠨ ᠬᠡᠷᠡᠭᠯᠡᠨ᠂ ᠠᠷᠠᠳ ᠲᠦᠮᠡᠨ ᠯᠦᠭᠡ ᠰᠡᠳᠬᠢᠯ ᠢᠶᠠᠨ ᠬᠤᠯᠪᠣᠵᠤ᠂ ᠠᠷᠠᠳ ᠲᠦᠮᠡᠨ ᠳᠤ ᠠᠰᠢᠭ ᠬᠦᠷᠲᠡᠭᠡᠨ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠶᠢ ᠪᠠᠷᠢᠮᠲᠠᠯᠠᠨ᠎ᠠ᠃ ᠤᠭ ᠰᠠᠨᠠᠭ᠎ᠠ ᠪᠠᠨ ᠡᠭᠦᠷᠢᠳᠡ ᠪᠠᠷᠢᠮᠲᠠᠯᠠᠵᠤ᠂ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠤᠨ ᠠᠷᠠᠳ ᠲᠦᠮᠡᠨ ᠲᠠᠢ ᠬᠠᠮᠲᠤ ᠪᠠᠷ ᠤᠷᠤᠭᠰᠢᠯᠠᠨ᠎ᠠ︔ ᠬᠠᠤᠯᠢ ᠶᠣᠰᠣᠭᠠᠷ ᠵᠠᠰᠠᠭ ᠶᠠᠪᠤᠭᠤᠯᠵᠤ᠂ ᠡᠷᠬᠡ ᠪᠠᠨ ᠭᠤᠣᠯᠴᠢ ᠪᠠᠷ ᠬᠡᠷᠡᠭᠯᠡᠨ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠡ︔ ᠴᠥᠬᠦᠷᠡᠰᠢ ᠦᠭᠡᠢ ᠪᠠᠷ ᠪᠣᠳᠠᠲᠠᠢ ᠠᠵᠢᠯᠯᠠᠵᠤ᠂ ᠬᠠᠷᠢᠭᠤᠴᠯᠠᠭ᠎ᠠ ᠪᠠᠨ ᠡᠭᠦᠷᠭᠡᠯᠡᠨ ᠠᠷᠠᠳ ᠲᠦᠮᠡᠨ ᠳᠤ ᠦᠢᠯᠡᠴᠢᠯᠡᠨ᠎ᠡ︔ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠲᠥᠪ ᠰᠤᠷᠲᠠᠯ ᠢ ᠪᠠᠷᠢᠮᠲᠠᠯᠠᠨ ᠠᠷᠠᠳ ᠲᠦᠮᠡᠨ ᠢ ᠰᠠᠨᠠᠭ᠎ᠠ ᠠᠮᠤᠷ ᠪᠠᠶᠢᠯᠭᠠᠨ᠎ᠠ︔ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠲᠦᠮᠡᠨ ᠲᠠᠢ ᠬᠠᠮᠲᠤ ᠪᠠᠷ ᠳᠡᠪᠰᠢᠨ᠎ᠡ ᠭᠡᠪᠡ᠃      ᠰᠤ᠋ ᡁᠢ ᠰᠢᠶᠦ᠋ᠡᠭ ᠬᠠᠮᠤᠭ ᠤᠨ ᠰᠡᠭᠦᠯ ᠳᠤ᠂ ᠳᠤᠭᠲᠤᠷᠪᠠᠯ ᠬᠦᠴᠦ ᠨᠢᠭᠡᠲᠡᠢ᠂ ᠳᠤᠤᠭᠠᠷᠪᠠᠯ ᠳᠠᠭᠤ ᠨᠢᠭᠡᠲᠡᠢ ᠭᠡᠳᠡᠭᠴᠢᠯᠡᠨ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠬᠢᠭᠡᠳ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠲᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ ᠭᠡᠵᠦ ᠬᠡᠯᠡᠪᠡ᠃      ᠶᠡᠭᠡ ᠬᠤᠷᠠᠯ ᠠᠴᠠ ᠤᠲᠤᠭ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠣᠨ 2024 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ ᠤᠲᠤᠭ ᠬᠤᠰᠢᠭᠤᠨ ᠤ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2024 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ ᠬᠤᠰᠢᠭᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠭᠰᠠᠳ ᠪᠠ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠳᠤ ᠣᠷᠣᠯᠴᠠᠭᠰᠠᠨ ᠪᠦᠭᠦ ᠭᠡᠰᠢᠭᠦᠳ ᠬᠤᠷᠠᠯᠳᠤᠭᠠᠨ ᠳᠤ ᠰᠤᠯᠠ ᠣᠷᠣᠯᠴᠠᠪᠠ᠃ 
ᠢᠷᠡᠯᠲᠡ᠄ ᠣᠲᠤᠭ ᠨᠡᠶᠢᠲᠡᠯᠡᠯ