ᠯᠢᠦ ᠷᠦᠢ
ᠨᠡᠶᠢᠲᠡᠯᠡᠭᠰᠡᠨ ᠴᠠᠭ᠄
2024/1/29
ᠯᠢᠦ ᠷᠦᠢ ᠶᠢᠨ ᠲᠤᠰᠢᠶᠠᠯ᠄       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢᠠᠵᠢᠯ ᠤᠨ ᠬᠤᠪᠢᠶᠠᠷᠢᠯᠠᠯ ᠄       ᠭᠤᠤ ᠬᠤᠸᠠᠢ ᠵᠢᠩ ᠨᠥᠬᠦᠷ ᠢ ᠬᠠᠮᠵᠢᠨ ᠬᠤᠰᠢᠭᠤᠨ ᠤ ᠨᠠᠮ ᠤᠨ ᠬᠤᠷᠢᠶᠠᠨ ᠤ ᠡᠳᠦᠷ ᠲᠤᠲᠤᠮ ᠤᠨ ᠠᠵᠢᠯ ᠢ ᠵᠤᠬᠢᠴᠠᠭᠤᠯᠵᠤ᠂ ᠤᠯᠤᠰ ᠤᠨ ᠠᠮᠤᠷ ᠲᠦᠪᠰᠢᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠢᠭᠤᠴᠠ ᠶᠢ ᠬᠠᠮᠠᠭᠠᠯᠠᠬᠤ ᠪᠠ ᠴᠢᠬᠤᠯᠠ ᠨᠢᠭᠤᠴᠠ᠂ ᠲᠠᠩᠰᠠ ᠡᠪᠬᠡᠮᠡᠯ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠭᠦᠷᠭᠡᠯᠡᠨ᠎ᠡ︔ ᠬᠤᠰᠢᠭᠤᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠪᠠ ᠴᠢᠬᠤᠯᠠ ᠨᠢᠭᠤᠴᠠ ᠶᠢᠨ ᠲᠣᠪᠴᠢᠶ᠎ᠠ᠂ ᠬᠤᠰᠢᠭᠤᠨ ᠤ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠰᠠᠩ᠂ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠢ ᠬᠤᠪᠢᠶᠠᠨ ᠬᠠᠮᠢᠶᠠᠷᠤᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠵᠠᠰᠠᠭ ᠤᠨ ᠠᠯᠪᠠᠨ ᠭᠡᠷ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ᠲᠣᠪᠴᠢ ᠨᠠᠮᠲᠠᠷ ᠄       ᠯᠢᠦ ᠷᠦᠢ᠂ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 4 ᠳ᠋ᠦ᠋ᠭᠡᠷ ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃      ᠤᠳᠤ ᠣᠲᠤᠭ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ