ᠤᠶᠤᠨᠪᠠᠭᠠᠨ᠎ᠠ
ᠨᠡᠶᠢᠲᠡᠯᠡᠭᠰᠡᠨ ᠴᠠᠭ᠄
2024/1/29
ᠤᠶᠤᠨᠪᠠᠭᠠᠨ᠎ᠠ ᠶᠢᠨ ᠳᠤᠰᠢᠶᠠᠯ᠄       ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠᠠᠵᠢᠯ ᠤᠨ ᠬᠤᠪᠢᠶᠠᠷᠢᠯᠠᠯ᠄      ᠬᠤᠰᠢᠭᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠪᠴᠢ ᠨᠠᠮᠲᠠᠷ᠄      ᠤᠶᠤᠨᠪᠠᠭᠠᠨ᠎ᠠ᠂ ᠡᠷᠡᠭᠲᠡᠶ᠂ ᠮᠣᠩᠭᠤᠯ ᠦᠨᠳᠦᠰᠦᠲᠡᠨ᠂ 1971 ᠣᠨ ᠤ 5 ᠳ᠋ᠤᠭᠠᠷ ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃      ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠬᠤᠰᠢᠭᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ