ᠭᠤᠤ ᠬᠤᠸᠠᠢ ᠵᠢᠩ ᠢᠳᠡᠭᠡᠨ ᠤ ᠠᠮᠤᠷ ᠲᠦᠪᠰᠢᠨ᠂ ᠰᠠᠭᠤᠭᠠᠯᠢ ᠠᠷᠠᠳ ᠤᠨ ᠳᠤᠯᠠᠭᠠᠯᠠᠭ᠎ᠠ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ᠂ ᠠᠶᠤᠯᠭᠦᠢ ᠦᠢᠯᠡᠳᠪᠦᠷᠢᠯᠡᠯ᠂ ︽ᠬᠠᠯᠠᠮᠵᠢ ᠶᠢᠨ ᠨᠡᠭᠦᠷᠡᠰᠦ︾ ᠲᠠᠷᠬᠠᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/1/3
      1 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠢᠳᠡᠭᠡᠨ ᠤ ᠠᠮᠤᠷ ᠲᠦᠪᠰᠢᠨ᠂ ᠰᠠᠭᠤᠭᠠᠯᠢ ᠠᠷᠠᠳ ᠤᠨ ᠳᠤᠯᠠᠭᠠᠯᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ᠂ ᠠᠶᠤᠯᠭᠦᠢ ᠦᠢᠯᠡᠳᠪᠦᠷᠢᠯᠡᠯ ᠪᠠ ︽ᠬᠠᠯᠠᠮᠵᠢ ᠶᠢᠨ ᠨᠡᠭᠦᠷᠡᠰᠦ︾ ᠲᠠᠷᠬᠠᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃
W020240103338930025358.jpg
      ᠬᠤᠰᠢᠭᠤ ᠤᠳᠤᠷᠢᠳᠤᠯᠭ᠎ᠠ ᠯᠢ ᡁᠢ ᠪᠢᠶᠣᠣ᠂ ᠯᠢᠦ ᠷᠦᠢ᠂ ᠤᠳᠤ᠂ ᠼᠦᠢ ᠵᠢᠩ᠂ ᠨᠠᠰᠤᠨᠳᠡᠯᠭᠡᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ ᠭᠤᠤ ᠬᠤᠸᠠᠢ ᠵᠢᠩ ᠬᠤᠰᠢᠭᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠪᠣᠯᠣᠨ ᠳᠥᠷᠪᠡᠳᠦᠭᠡᠷ ᠬᠡᠦᠬᠡᠳ ᠤᠨ ᠴᠡᠴᠡᠷᠯᠢᠭ ᠲᠤ ᠣᠴᠢᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ᠂ ᠲᠣᠭᠤᠭᠠᠨ ᠭᠡᠷ ᠤᠨ ᠡᠳᠦᠷ ᠲᠤᠳᠤᠮ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠬᠠᠷᠢᠭᠤᠴᠠᠯᠭ᠎ᠠ ᠬᠦᠨᠳᠦ ᠪᠣᠯᠬᠤᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠰᠤᠷᠭᠠᠭᠤᠯᠢ ᠶᠢᠨ ᠤᠳᠤᠷᠢᠳᠤᠯᠭ᠎ᠠ ᠰᠤᠷᠭᠠᠭᠤᠯᠢ ᠳᠤ ᠬᠤᠭᠤᠯᠠ ᠢᠳᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠮ᠎ᠡ ᠲᠡᠵᠢᠭᠡᠯ ᠲᠠᠢ ᠬᠤᠭᠤᠯᠠ ᠪᠤᠳᠠᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠢᠷᠠᠭᠤᠯᠵᠤ᠂ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ ᠭᠤᠤ ᠬᠤᠸᠠᠢ ᠵᠢᠩ ᠰᠢᠶᠠᠩ ᠾᠧ ᠶᠤᠸᠠᠨ ᠤ ᠢᠯᠴᠢ ᠰᠤᠯᠢᠬᠤ ᠦᠷᠳᠡᠭᠡ ᠳᠤ ᠬᠦᠷᠴᠦ ᠲᠤᠯᠠᠭᠠᠯᠠᠭ᠎ᠠ ᠶᠢᠨ ᠲᠥᠬᠦᠭᠡᠷᠦᠮᠵᠢ ᠶᠢᠨ ᠪᠤᠴᠠᠯᠲᠠ ᠶᠢᠨ ᠤᠰᠤᠨ ᠤ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠦᠵᠡᠪᠡ᠃      ᠲᠡᠷᠡ ᠬᠡᠯᠡᠬᠦ ᠳᠡᠭᠡᠨ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠲᠤᠯᠠᠭᠠᠯᠠᠭ᠎ᠠ ᠶᠢᠨ ᠬᠢᠨᠠᠯᠲᠠ ᠬᠠᠮᠢᠶᠠᠷᠤᠯᠲᠠ᠂ ᠲᠣᠨᠤᠭ ᠲᠥᠬᠦᠭᠡᠷᠦᠮᠵᠢ ᠶᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠵᠡᠷᠭᠡ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠣᠨᠴᠠ ᠬᠥᠢᠲᠡᠨ ᠠᠭᠤᠷ ᠠᠮᠢᠰᠬᠤᠯ ᠳᠤ ᠳᠤᠯᠠᠭᠠᠯᠠᠭ᠎ᠠ ᠶᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠷᠠᠳ ᠲᠦᠮᠡᠨ ᠤ ᠳᠤᠯᠠᠭᠠᠨ ᠡᠪᠤᠯᠵᠢᠬᠦ ᠶᠢ ᠦᠨᠠᠡᠬᠦ ᠪᠠᠳᠤᠯᠠᠵᠤ᠂ ᠤᠯᠠᠭᠠᠨᠪᠠᠯᠭᠠᠰᠤ᠂ ᠴᠢ ᠫᠠᠨ ᠵᠢᠩ ᠪᠠᠯᠭᠠᠰᠤ ᠶᠢᠨ ᠲᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠳᠤ ᠣᠷᠣᠭᠤᠯᠤᠨ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠭᠠᠷ ᠭᠦᠢᠴᠡᠳᠬᠡᠯ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠷᠳᠡ  ᠠᠴᠠ ᠪᠠᠶᠢᠷᠢᠯᠠᠭᠤᠯᠵᠤ᠂ ᠬᠠᠪᠤᠷ ᠤᠨ ᠡᠬᠢ ᠪᠠᠷ ᠠᠵᠢᠯ ᠢᠶᠠᠨ ᠡᠭᠢᠯᠡᠭᠦᠯᠭᠦ ᠭᠡᠷᠡᠭᠳᠠᠢ ᠭᠡᠵᠡᠢ᠃ ᠭᠤᠤ ᠬᠤᠸᠠᠢ ᠵᠢᠩ ᠪᠠᠰᠠ ᠲᠤᠯᠠᠭᠠᠯᠠᠭ᠎ᠠ ᠶᠢᠨ ᠬᠤᠭᠤᠯᠠᠢ ᠶᠢ ᠰᠡᠯᠪᠢᠨ ᠵᠠᠰᠠᠬᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠭᠤᠤ ᠬᠤᠸᠠᠢ ᠵᠢᠩ ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ ᠤᠲᠤᠭ ᠬᠤᠰᠢᠭᠤᠨ ᠤ ᠬᠤᠪᠢᠶᠠᠷᠢ ᠲᠥᠪ ᠲᠤ ᠬᠦᠷᠦᠨ 12345 ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃       ᠲᠡᠷᠡ ᠭᠡᠯᠡᠭᠦ  ᠳᠡᠭᠡᠨ᠂ ᠲᠣᠮᠣ ᠳ᠋ᠠᠶᠢᠳ᠋ᠨ ᠶᠢᠨ ᠨᠡᠶᠢᠭᠡᠮ ᠤᠨ ᠪᠠᠶᠢᠳᠠᠯ ᠪᠠ ᠠᠷᠠᠳ ᠤᠨ ᠰᠠᠨᠠᠭ᠎ᠠ ᠶᠢ ᠴᠤᠭᠯᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠵᠠᠳᠠᠯᠵᠤ ᠮᠠᠭᠠᠳᠯᠠᠨ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ︽ᠶᠠᠪᠤᠳᠠᠯ ᠪᠦᠬᠦᠨ ᠳᠤ ᠬᠠᠷᠢᠭᠤ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ᠂ ᠦᠷ᠎ᠡ ᠪᠦᠲᠦᠮᠵᠢ ᠳᠤ ᠬᠠᠷᠢᠭᠤ ᠲᠤᠰᠬᠠᠯ ᠲᠠᠢ ︾ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃ ᠤᠯᠠᠭᠠᠨᠳᠤᠭ ᠭᠠᠴᠠᠭᠠᠨ ᠳᠤ᠂ ᠭᠤᠤ ᠬᠤᠸᠠᠢ ᠵᠢᠩ ︽ᠬᠠᠯᠠᠮᠵᠢ ᠶᠢᠨ ᠨᠡᠭᠦᠷᠡᠰᠦ︾᠂ ︽ᠡᠩ ᠤᠨ ᠦᠨ᠎ᠡ ᠲᠠᠢ ᠨᠡᠭᠦᠷᠡᠰᠦ︾ ᠶᠢ ᠲᠠᠷᠬᠠᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ︽ᠬᠠᠯᠠᠮᠵᠢ ᠶᠢᠨ ᠨᠡᠭᠦᠷᠡᠰᠦ︾ ᠲᠠᠷᠬᠠᠭᠠᠬᠤ ᠵᠢᠴᠢ ᠬᠠᠷᠢᠭᠤ ᠰᠤᠷᠪᠤᠯᠵᠢᠯᠠᠵᠤ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠬᠠᠭᠠᠬᠤ ᠶᠠᠪᠤᠴᠠ ᠵᠢᠴᠢ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠨᠠᠷᠢᠯᠢᠭ ᠤᠨᠤᠪᠴᠢᠳᠠᠢ᠂ ᠥᠨᠳᠥᠷ ᠪᠦᠲᠦᠮᠵᠢᠲᠡᠶ ᠪᠠᠶᠢᠬᠤ ᠶᠢ ᠦᠨᠡᠡᠬᠦ ᠪᠠᠲᠤᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠴᠡᠪᠡᠷ ᠡᠨᠧᠷᠭᠢ ᠶᠢᠨ ᠬᠠᠩᠭᠠᠯᠭ᠎ᠠ ᠶᠢᠨ ᠥᠭᠡᠷᠡᠴᠢᠯᠡᠯᠲᠡ ᠶᠢ ᠲᠦᠷᠭᠡᠨ ᠠᠬᠢᠭᠤᠯᠵᠤ᠂ ᠲᠤᠯᠠᠭᠠᠯᠠᠭ᠎ᠠ ᠶᠢ ᠪᠠᠲᠤᠯᠠᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃ ᠭᠤᠤ ᠬᠤᠸᠠᠢ ᠵᠢᠩ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ ᠭᠠᠵᠠᠷ ᠲᠤ ᠬᠦᠷᠴᠦ ᠬᠤᠸᠠᠷ ᠫᠤᠤᠵᠢᠩ ᠤᠨ ᠢᠷᠡᠯᠲᠡ᠂ ᠬᠠᠳᠠᠭᠠᠯᠠᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠭᠡᠯᠡᠭᠦ ᠳᠡᠭᠡᠨ᠂ ᠴᠠᠭᠠᠨ ᠰᠠᠷ᠎ᠠ ᠣᠶᠢᠷᠠᠳᠬᠤ ᠳᠤ ᠶᠠᠭ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠬᠥᠭᠵᠢᠶᠡᠨᠲᠡᠢ ᠴᠠᠭ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠸᠠᠷ ᠫᠤᠤᠵᠢᠩ ᠤᠨ ᠡᠵᠡᠩᠨᠡᠯᠲᠡ᠂ ᠵᠥᠭᠡᠭᠡᠪᠦᠷᠢ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠠᠮᠤᠷ ᠲᠦᠪᠰᠢᠨ ᠤ ᠳᠠᠯᠳᠠ ᠭᠡᠮ ᠢ ᠬᠦᠴᠦᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃       ᠭᠤᠤ ᠬᠤᠸᠠᠢ ᠵᠢᠩ ᠾᠧᠩ ᠮᠣᠣ ᠬᠤᠪᠴᠠᠰᠤ ᠤᠬᠢᠶᠠᠬᠤ ᠭᠠᠵᠠᠷ ᠲᠤ ᠣᠴᠢᠵᠤ ᠲᠤᠬᠠᠢ ᠶᠢᠨ ᠭᠠᠵᠠᠷ ᠲᠤᠨᠢ ᠲᠤᠨᠤᠭ ᠲᠥᠬᠦᠭᠡᠷᠦᠮᠵᠢ ᠶᠢᠨ ᠠᠵᠢᠯᠯᠠᠭ᠎ᠠ ᠪᠣᠯᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠭᠡᠯᠡᠭᠦ ᠳᠡᠭᠡᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠮᠤᠷ ᠲᠦᠪᠰᠢᠨ ᠤ ᠳᠠᠯᠳᠠ ᠢ ᠪᠠᠶᠢᠴᠠᠭᠠᠬᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠩᠭᠤ ᠥᠷᠨᠢᠭᠦᠯᠦᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠰᠠᠶᠢᠲᠤᠷ ᠬᠢᠵᠦ᠂ ᠲᠥᠬᠦᠭᠡᠷᠦᠮᠵᠢ ᠪᠣᠯᠣᠨ ᠡᠯ᠎ᠡ ᠵᠦᠢᠯ ᠤᠨ ᠠᠵᠢᠯ ᠤᠨ ᠳᠠᠷᠠᠭᠠᠯᠠᠯ ᠤᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠡᠢ᠃ 
ᠢᠷᠡᠯᠲᠡ᠄ ᠣᠲᠤᠭ ᠨᠡᠶᠢᠲᠡᠯᠡᠯ