1 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠢᠳᠡᠭᠡᠨ ᠤ ᠠᠮᠤᠷ ᠲᠦᠪᠰᠢᠨ᠂ ᠰᠠᠭᠤᠭᠠᠯᠢ ᠠᠷᠠᠳ ᠤᠨ | ᠳᠤᠯᠠᠭᠠᠯᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ᠂ ᠠᠶᠤᠯᠭᠦᠢ ᠦᠢᠯᠡᠳᠪᠦᠷᠢᠯᠡᠯ ᠪᠠ ︽ᠬᠠᠯᠠᠮᠵᠢ ᠶᠢᠨ ᠨᠡᠭᠦᠷᠡᠰᠦ︾ ᠲᠠᠷᠬᠠᠭᠠᠬᠤ | ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤ ᠤᠳᠤᠷᠢᠳᠤᠯᠭ᠎ᠠ ᠯᠢ ᡁᠢ ᠪᠢᠶᠣᠣ᠂ ᠯᠢᠦ ᠷᠦᠢ᠂ ᠤᠳᠤ᠂ ᠼᠦᠢ ᠵᠢᠩ᠂ ᠨᠠᠰᠤᠨᠳᠡᠯᠭᠡᠷ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | ᠭᠤᠤ ᠬᠤᠸᠠᠢ ᠵᠢᠩ ᠬᠤᠰᠢᠭᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠪᠣᠯᠣᠨ ᠳᠥᠷᠪᠡᠳᠦᠭᠡᠷ ᠬᠡᠦᠬᠡᠳ ᠤᠨ ᠴᠡᠴᠡᠷᠯᠢᠭ ᠲᠤ ᠣᠴᠢᠵᠤ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠳᠦᠷᠢᠮ ᠤᠨ ᠪᠠᠶᠢᠭᠤᠯᠤᠯᠲᠠ᠂ ᠲᠣᠭᠤᠭᠠᠨ ᠭᠡᠷ ᠤᠨ ᠡᠳᠦᠷ ᠲᠤᠳᠤᠮ ᠤᠨ ᠬᠠᠮᠢᠶᠠᠷᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠬᠠᠷᠢᠭᠤᠴᠠᠯᠭ᠎ᠠ | ᠬᠦᠨᠳᠦ ᠪᠣᠯᠬᠤᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠰᠤᠷᠭᠠᠭᠤᠯᠢ ᠶᠢᠨ ᠤᠳᠤᠷᠢᠳᠤᠯᠭ᠎ᠠ | ᠰᠤᠷᠭᠠᠭᠤᠯᠢ ᠳᠤ ᠬᠤᠭᠤᠯᠠ ᠢᠳᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠮ᠎ᠡ ᠲᠡᠵᠢᠭᠡᠯ ᠲᠠᠢ ᠬᠤᠭᠤᠯᠠ ᠪᠤᠳᠠᠭ᠎ᠠ ᠶᠢ ᠰᠢᠨᠵᠢᠯᠡᠬᠦ ᠤᠬᠠᠭᠠᠨᠴᠢ ᠪᠠᠷ | ᠲᠤᠭᠢᠷᠠᠭᠤᠯᠵᠤ᠂ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠭᠤᠤ ᠬᠤᠸᠠᠢ ᠵᠢᠩ ᠰᠢᠶᠠᠩ ᠾᠧ ᠶᠤᠸᠠᠨ ᠤ ᠢᠯᠴᠢ ᠰᠤᠯᠢᠬᠤ ᠦᠷᠳᠡᠭᠡ ᠳᠤ ᠬᠦᠷᠴᠦ ᠲᠤᠯᠠᠭᠠᠯᠠᠭ᠎ᠠ ᠶᠢᠨ ᠲᠥᠬᠦᠭᠡᠷᠦᠮᠵᠢ ᠶᠢᠨ ᠪᠤᠴᠠᠯᠲᠠ ᠶᠢᠨ ᠤᠰᠤᠨ ᠤ | ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ | ᠲᠤᠯᠠᠭᠠᠯᠠᠭ᠎ᠠ ᠶᠢᠨ ᠬᠢᠨᠠᠯᠲᠠ ᠬᠠᠮᠢᠶᠠᠷᠤᠯᠲᠠ᠂ ᠲᠣᠨᠤᠭ ᠲᠥᠬᠦᠭᠡᠷᠦᠮᠵᠢ ᠶᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠵᠡᠷᠭᠡ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠣᠨᠴᠠ ᠬᠥᠢᠲᠡᠨ ᠠᠭᠤᠷ ᠠᠮᠢᠰᠬᠤᠯ ᠳᠤ ᠳᠤᠯᠠᠭᠠᠯᠠᠭ᠎ᠠ ᠶᠢ | ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠷᠠᠳ ᠲᠦᠮᠡᠨ ᠤ ᠳᠤᠯᠠᠭᠠᠨ ᠡᠪᠤᠯᠵᠢᠬᠦ ᠶᠢ ᠦᠨᠠᠡᠬᠦ ᠪᠠᠳᠤᠯᠠᠵᠤ᠂ | ᠤᠯᠠᠭᠠᠨᠪᠠᠯᠭᠠᠰᠤ᠂ ᠴᠢ ᠫᠠᠨ ᠵᠢᠩ ᠪᠠᠯᠭᠠᠰᠤ ᠶᠢᠨ ᠲᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠥᠬᠦ ᠬᠤᠰᠢᠭᠤᠨ ᠤ ᠴᠢᠬᠤᠯᠠ ᠶᠡᠭᠡ ᠲᠥᠷᠥᠯ | ᠵᠦᠢᠯ ᠳᠤ ᠣᠷᠣᠭᠤᠯᠤᠨ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠭᠠᠷ ᠭᠦᠢᠴᠡᠳᠬᠡᠯ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠷᠳᠡ | ᠠᠴᠠ ᠪᠠᠶᠢᠷᠢᠯᠠᠭᠤᠯᠵᠤ᠂ ᠬᠠᠪᠤᠷ ᠤᠨ ᠡᠬᠢ ᠪᠠᠷ ᠠᠵᠢᠯ ᠢᠶᠠᠨ ᠡᠭᠢᠯᠡᠭᠦᠯᠭᠦ ᠭᠡᠷᠡᠭᠳᠠᠢ ᠭᠡᠵᠡᠢ᠃ ᠭᠤᠤ ᠬᠤᠸᠠᠢ ᠵᠢᠩ ᠪᠠᠰᠠ ᠲᠤᠯᠠᠭᠠᠯᠠᠭ᠎ᠠ ᠶᠢᠨ ᠬᠤᠭᠤᠯᠠᠢ ᠶᠢ ᠰᠡᠯᠪᠢᠨ | ᠵᠠᠰᠠᠬᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠭᠤᠤ ᠬᠤᠸᠠᠢ ᠵᠢᠩ ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ ᠤᠲᠤᠭ ᠬᠤᠰᠢᠭᠤᠨ ᠤ ᠬᠤᠪᠢᠶᠠᠷᠢ ᠲᠥᠪ ᠲᠤ ᠬᠦᠷᠦᠨ 12345 | ᠵᠠᠭᠠᠯᠳᠤᠯᠭ᠎ᠠ ᠶᠢ ᠬᠦᠯᠢᠶᠡᠨ ᠠᠪᠤᠪᠠᠯ ᠲᠠᠷᠤᠢ ᠳᠤᠨᠢ ᠭᠥᠢᠴᠡᠳᠭᠡᠭᠦ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ ᠭᠡᠯᠡᠭᠦ | ᠳᠡᠭᠡᠨ᠂ ᠲᠣᠮᠣ ᠳ᠋ᠠᠶᠢᠲᠨ ᠶᠢᠨ ᠨᠡᠶᠢᠭᠡᠮ ᠤᠨ ᠪᠠᠶᠢᠳᠠᠯ ᠪᠠ ᠠᠷᠠᠳ ᠤᠨ ᠰᠠᠨᠠᠭ᠎ᠠ ᠶᠢ ᠴᠤᠭᠯᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠵᠠᠳᠠᠯᠵᠤ ᠮᠠᠭᠠᠳᠯᠠᠨ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ︽ᠶᠠᠪᠤᠳᠠᠯ | ᠪᠦᠬᠦᠨ ᠳᠤ ᠬᠠᠷᠢᠭᠤ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ᠂ ᠦᠷ᠎ᠡ ᠪᠦᠲᠦᠮᠵᠢ ᠳᠤ ᠬᠠᠷᠢᠭᠤ ᠲᠤᠰᠬᠠᠯ ᠲᠠᠢ︾ ᠪᠠᠶᠢᠬᠤ ᠶᠢ ᠪᠡᠶᠡᠯᠡᠭᠦᠯᠬᠦ | ᠬᠡᠷᠡᠭᠲᠡᠢ ᠭᠡᠪᠡ᠃ | ᠤᠯᠠᠭᠠᠨᠳᠤᠭ ᠭᠠᠴᠠᠭᠠᠨ ᠳᠤ᠂ ᠭᠤᠤ ᠬᠤᠸᠠᠢ ᠵᠢᠩ ︽ᠬᠠᠯᠠᠮᠵᠢ ᠶᠢᠨ ᠨᠡᠭᠦᠷᠡᠰᠦ︾᠂ ︽ᠡᠩ ᠤᠨ ᠦᠨ᠎ᠡ ᠲᠠᠢ ᠨᠡᠭᠦᠷᠡᠰᠦ︾ ᠶᠢ ᠲᠠᠷᠬᠠᠭᠠᠵᠤ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ︽ᠬᠠᠯᠠᠮᠵᠢ ᠶᠢᠨ ᠨᠡᠭᠦᠷᠡᠰᠦ︾ ᠲᠠᠷᠬᠠᠭᠠᠬᠤ ᠵᠢᠴᠢ ᠬᠠᠷᠢᠭᠤ ᠰᠤᠷᠪᠤᠯᠵᠢᠯᠠᠵᠤ ᠪᠠᠶᠢᠴᠠᠭᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠬᠠᠭᠠᠬᠤ ᠶᠠᠪᠤᠴᠠ ᠵᠢᠴᠢ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠨᠠᠷᠢᠯᠢᠭ | ᠤᠨᠤᠪᠴᠢᠳᠠᠢ᠂ ᠥᠨᠳᠥᠷ ᠪᠦᠲᠦᠮᠵᠢᠲᠡᠶ ᠪᠠᠶᠢᠬᠤ ᠶᠢ ᠦᠨᠡᠡᠬᠦ ᠪᠠᠲᠤᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠴᠡᠪᠡᠷ ᠡᠨᠧᠷᠭᠢ ᠶᠢᠨ ᠬᠠᠩᠭᠠᠯᠭ᠎ᠠ ᠶᠢᠨ | ᠥᠭᠡᠷᠡᠴᠢᠯᠡᠯᠲᠡ ᠶᠢ ᠲᠦᠷᠭᠡᠨ ᠠᠬᠢᠭᠤᠯᠵᠤ᠂ ᠲᠤᠯᠠᠭᠠᠯᠠᠭ᠎ᠠ ᠶᠢ ᠪᠠᠲᠤᠯᠠᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ | ᠭᠡᠪᠡ᠃ | ᠭᠤᠤ ᠬᠤᠸᠠᠢ ᠵᠢᠩ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ ᠭᠠᠵᠠᠷ ᠲᠤ ᠬᠦᠷᠴᠦ ᠬᠤᠸᠠᠷ ᠫᠤᠤᠵᠢᠩ ᠤᠨ ᠢᠷᠡᠯᠲᠡ᠂ ᠬᠠᠳᠠᠭᠠᠯᠠᠯᠲᠠ᠂ ᠭᠠᠯ | ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠭᠡᠯᠡᠭᠦ ᠳᠡᠭᠡᠨ᠂ ᠴᠠᠭᠠᠨ ᠰᠠᠷ᠎ᠠ ᠣᠶᠢᠷᠠᠳᠬᠤ ᠳᠤ ᠶᠠᠭ | ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠬᠥᠭᠵᠢᠶᠡᠨᠲᠡᠢ ᠴᠠᠭ ᠪᠣᠯᠣᠨ᠎ᠠ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠸᠠᠷ ᠫᠤᠤᠵᠢᠩ ᠤᠨ | ᠡᠵᠡᠩᠨᠡᠯᠲᠡ᠂ ᠵᠥᠭᠡᠭᠡᠪᠦᠷᠢ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠠᠮᠤᠷ ᠲᠦᠪᠰᠢᠨ ᠤ ᠳᠠᠯᠳᠠ | ᠭᠡᠮ ᠢ ᠬᠦᠴᠦᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠭᠤᠤ ᠬᠤᠸᠠᠢ ᠵᠢᠩ ᠾᠧᠩ ᠮᠣᠣ ᠬᠤᠪᠴᠠᠰᠤ ᠤᠬᠢᠶᠠᠬᠤ ᠭᠠᠵᠠᠷ ᠲᠤ ᠣᠴᠢᠵᠤ ᠲᠤᠬᠠᠢ ᠶᠢᠨ ᠭᠠᠵᠠᠷ ᠲᠤᠨᠢ ᠲᠤᠨᠤᠭ ᠲᠥᠬᠦᠭᠡᠷᠦᠮᠵᠢ ᠶᠢᠨ ᠠᠵᠢᠯᠯᠠᠭ᠎ᠠ | ᠪᠣᠯᠣᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠭᠡᠯᠡᠭᠦ ᠳᠡᠭᠡᠨ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠮᠤᠷ ᠲᠦᠪᠰᠢᠨ ᠤ ᠳᠠᠯᠳᠠ ᠢ ᠪᠠᠶᠢᠴᠠᠭᠠᠬᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠵᠡᠷᠭᠡ ᠠᠵᠢᠯ ᠢ ᠪᠠᠶᠢᠩᠭᠤ ᠥᠷᠨᠢᠭᠦᠯᠦᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠰᠠᠶᠢᠲᠤᠷ ᠬᠢᠵᠦ᠂ ᠲᠥᠬᠦᠭᠡᠷᠦᠮᠵᠢ | ᠪᠣᠯᠣᠨ ᠡᠯ᠎ᠡ ᠵᠦᠢᠯ ᠤᠨ ᠠᠵᠢᠯ ᠤᠨ ᠳᠠᠷᠠᠭᠠᠯᠠᠯ ᠤᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠡᠢ᠃ | |