ᠵᠣᠬᠢᠰᠲᠠᠢ ᠠᠮᠠᠪᠴᠢ ᠵᠡᠭᠦᠬᠦ ᠨᠢ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠵᠦ ᠴᠢᠳᠠᠳᠠᠭ
ᠨᠡᠶᠢᠲᠡᠯᠡᠭᠰᠡᠨ ᠴᠠᠭ᠄
2024/1/3
      ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠬᠡᠷᠬᠢᠨ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠤᠶ︖       ᠲᠦᠷᠦᠭᠦᠬᠡᠨ᠂ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ︽ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠣᠯᠠᠨ ᠨᠡᠶᠢᠲᠡ ᠶᠢᠨ ᠠᠮᠠᠪᠴᠢ ᠵᠡᠭᠦᠬᠦ ᠵᠢᠯᠣᠭᠤᠳᠤᠮᠵᠢ ︵2023 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠵᠤ᠂ ᠠᠷᠠᠳ ᠤᠯᠠᠨ ᠤ ᠠᠮᠠᠪᠴᠢ ᠵᠡᠭᠦᠬᠦ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠣᠯᠠᠨ ᠵᠦᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠲᠠᠷᠬᠠᠬᠤ ᠶᠢ ᠰᠡᠷᠭᠡᠶᠢᠯᠡᠨ ᠬᠢᠵᠠᠭᠠᠷᠯᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠬᠤ ᠶᠢ ᠵᠢᠭᠠᠨ ᠵᠢᠯᠣᠭᠤᠳᠪᠠ᠃       ᠡᠪᠦᠯ ᠪᠣᠯᠪᠠᠯ ᠡᠯ᠎ᠡ ᠵᠦᠢᠯ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠳᠡᠭ᠃ ᠵᠢᠭᠠᠯᠲᠠ ᠶᠢ ᠦᠨᠳᠦᠰᠦᠯᠡᠪᠡᠯ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠤ ᠤᠤᠯ ᠤᠨ ᠰᠢᠨ᠎ᠡ ᠲᠢᠲᠢᠮᠯᠢᠭ ᠸᠢᠷᠦ᠋ᠰ᠂ ᠲᠠᠬᠤᠯ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ ᠰᠠᠯᠠᠭᠠᠲᠤ ᠠᠩᠬᠠᠨ ᠤ ᠪᠡᠶ᠎ᠡ᠂ ᠠᠮᠢᠰᠬᠤᠯ ᠤᠨ ᠵᠠᠮ ᠤᠨ ᠨᠡᠶᠢᠯᠡᠮᠡᠯ ᠡᠰᠲᠦ ᠸᠢᠷᠦ᠋ᠰ ᠵᠡᠷᠭᠡ ᠨᠢ ᠭᠤᠣᠯᠳᠠᠭᠤ ᠠᠮᠢᠰᠬᠤᠯ ᠤᠨ ᠵᠠᠮ ᠤᠨ ᠦᠰᠦᠷᠳᠡᠰᠦ᠂ ᠡᠪᠡᠳᠴᠢᠨ ᠡᠭᠦᠰᠬᠡᠭᠴᠢ ᠲᠠᠢ ᠬᠡᠢ ᠴᠠᠪᠠᠤᠯᠢᠭ ᠠᠭᠤᠰᠤᠮᠠᠯ ᠢ ᠰᠣᠷᠣᠵᠤ ᠣᠷᠣᠭᠤᠯᠬᠤ ᠪᠤᠶᠤ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ᠃       ᠶᠠᠮᠠᠷ ᠦᠶ᠎ᠡ ᠳᠤ ᠠᠮᠠᠪᠴᠢ ᠵᠡᠭᠦᠬᠦ ᠬᠡᠷᠡᠭᠲᠡᠢ ᠪᠤᠶ︖       ᠶᠠᠮᠠᠷ ᠦᠶᠡᠰ ᠠᠮᠠᠪᠴᠢ ᠵᠡᠭᠦᠪᠡᠯ ᠵᠣᠬᠢᠬᠤ ᠲᠤᠬᠠᠢ ᠵᠢᠯᠣᠭᠤᠳᠤᠮᠵᠢ ᠳᠤ ᠲᠣᠳᠣᠷᠬᠠᠢ ᠳᠤᠷᠠᠳᠤᠨ ᠭᠠᠷᠭᠠᠵᠠᠢ᠃ ᠡᠭᠦᠨ ᠳᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠲᠠᠢ ᠪᠠᠶᠢᠳᠠᠯ ᠪᠠᠭᠲᠠᠨ᠎ᠠ᠂ ᠵᠢᠱᠢᠶᠡᠯᠡᠪᠡᠯ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ ᠲᠠᠭᠰᠢᠭᠤᠷ᠂ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶ᠎ᠡ ᠶᠢᠨ ᠬᠠᠯᠳᠠᠪᠤᠷᠢᠯᠠᠯ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠳᠤ ᠬᠠᠯᠳᠠᠪᠤᠷᠢᠯᠠᠭᠰᠠᠳ ᠪᠤᠶᠤ ᠬᠠᠮᠢᠶ᠎ᠠ ᠪᠦᠬᠦᠢ ᠡᠪᠡᠳᠴᠢᠨ ᠤ ᠢᠯᠡᠷᠡᠯ ᠲᠠᠢ ᠬᠥᠮᠥᠰ ᠭᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠪᠤᠶᠤ ᠪᠤᠰᠤᠳ ᠬᠥᠮᠥᠰ ᠲᠠᠢ ᠣᠶᠢᠷ᠎ᠠ ᠵᠠᠢ ᠠᠴᠠ ᠬᠦᠷᠦᠯᠴᠡᠬᠦ ︵ᠵᠠᠢ ᠨᠢ 1  ᠮᠧᠲᠷ ᠠᠴᠠ ᠪᠠᠭ᠎ᠠ︶ ᠦᠶ᠎ᠡ ᠳᠤ ᠠᠮᠠᠪᠴᠢ ᠵᠡᠭᠦᠬᠦ ᠭᠡᠷᠡᠭᠲᠡᠢ᠃ ᠬᠠᠯᠳᠠᠪᠤᠷᠢᠯᠠᠯ ᠤᠨ ᠲᠦᠭᠰᠢᠭᠦᠷᠢ ᠪᠠᠷ ᠨᠡᠯᠢᠶᠡᠳ ᠥᠨᠳᠥᠷ ᠪᠠᠶᠢᠳᠠᠯ ᠪᠤᠶᠤ ᠪᠣᠯᠣᠮᠵᠢ ᠲᠠᠢ ᠦᠶᠡᠰ᠂ ᠵᠢᠱᠢᠶᠡᠯᠡᠪᠡᠯ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠭᠦ᠂ ᠪᠠᠷ᠎ᠠ ᠪᠣᠯᠵᠤ ᠡᠮᠨᠡᠭᠦᠯᠭᠦ ᠦᠶ᠎ᠡ ᠳᠤ᠃ ᠭᠠᠳᠠᠨ᠎ᠠ ᠠᠴᠠ ᠢᠷᠡᠭᠰᠡᠨ ᠬᠥᠮᠥᠰ ᠤᠨ ᠬᠢᠵᠢᠭ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠭᠤᠯᠤᠮᠵᠢ ᠳᠤ ᠣᠷᠣᠭᠤᠯᠬᠤ ᠶᠢ ᠰᠡᠷᠭᠡᠶᠢᠯᠡᠬᠦ ᠦᠶᠡᠰ᠂ ᠵᠢᠱᠢᠶᠡᠯᠡᠪᠡᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠬᠤᠭᠤᠴᠠᠭᠠᠨ ᠳᠤ᠂ ᠭᠠᠳᠠᠨ᠎ᠠ ᠠᠴᠠ ᠢᠷᠡᠭᠰᠡᠨ ᠬᠥᠮᠥᠰ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠭᠠᠵᠠᠷ ᠢᠶᠠᠷ ᠬᠦᠷᠬᠦ ᠦᠶᠡᠰ ᠠᠮᠠᠪᠴᠢ ᠵᠡᠭᠦᠪᠡᠯ ᠵᠤᠭᠢᠰᠳᠠᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠤ ᠬᠢᠵᠢᠭ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠭᠤᠯᠤᠮᠵᠢ ᠳᠤ ᠣᠷᠣᠭᠤᠯᠬᠤ ᠶᠢ ᠰᠡᠷᠭᠡᠶᠢᠯᠡᠬᠦ ᠪᠠᠶᠢᠳᠠᠯ ᠳᠤ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠬᠤᠭᠤᠴᠠᠭᠠᠨ ᠳᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠢᠴᠢ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠠᠮᠠᠪᠴᠢ ᠵᠡᠭᠦᠵᠦ᠂ ᠭᠤᠣᠯᠳᠠᠯᠭ᠎ᠠ ᠲᠠᠢ ᠬᠥᠮᠥᠰ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠨ᠎ᠡ᠃       ᠶᠠᠮᠠᠷ ᠦᠶᠡᠰ ᠠᠮᠠᠪᠴᠢ ᠵᠡᠭᠦᠬᠦ ᠦᠭᠡᠢ ᠪᠠᠶᠢᠬᠤ ᠶᠢ ᠰᠠᠨᠠᠭᠤᠯᠬᠤ ᠪᠤᠶ︖       ᠳᠣᠣᠷᠠᠬᠢ ᠮᠡᠲᠦ ᠭᠤᠷᠪᠠᠨ ᠵᠦᠢᠯ ᠤᠨ ᠪᠠᠶᠢᠳᠠᠯ ᠳᠤ ᠠᠮᠠᠪᠴᠢ ᠵᠡᠭᠦᠬᠦ ᠦᠭᠡᠢ ᠪᠠᠶᠢᠪᠠᠯ ᠵᠣᠬᠢᠨ᠎ᠠ᠃ ᠡᠭᠦᠨ ᠳᠤ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠦᠶ᠎ᠡ ᠶᠢ ᠪᠠᠭᠲᠠᠭᠠᠨ᠎ᠠ᠃ ᠬᠠᠯᠳᠠᠪᠤᠷᠢᠯᠠᠯ ᠤᠨ ᠠᠶᠤᠯ ᠲᠦᠭᠰᠢᠭᠦᠷᠢ ᠨᠡᠯᠢᠶᠡᠳ ᠳᠣᠣᠷ᠎ᠠ ᠪᠠᠶᠢᠳᠠᠯ ᠳᠤ ᠣᠷᠣᠰᠢᠵᠤ ᠪᠠᠶᠢᠬᠤ ᠦᠶ᠎ᠡ ᠳᠤ᠂ ᠵᠢᠱᠢᠶᠡᠯᠡᠪᠡᠯ ᠵᠠᠳᠠᠭᠠᠢ ᠲᠠᠯᠠᠪᠠᠢ᠂ ᠴᠡᠴᠡᠷᠯᠢᠭ ᠵᠡᠷᠭᠡ ᠭᠡᠷ ᠤᠨ ᠭᠠᠳᠠᠨᠠᠬᠢ ᠲᠠᠯᠠᠪᠤᠷ ᠲᠤ ᠪᠠᠶᠢᠬᠤ᠃ ᠠᠮᠠᠪᠴᠢ ᠵᠡᠭᠦᠬᠦ ᠳᠤ ᠲᠣᠬᠢᠷᠠᠬᠤ ᠦᠭᠡᠢ ᠬᠡᠰᠡᠭ ᠬᠥᠮᠥᠰ᠂ ᠵᠢᠱᠢᠶᠡᠯᠡᠪᠡᠯ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ᠃      ᠲᠣᠬᠢᠷᠠᠮᠵᠢᠲᠠᠢ ᠠᠮᠠᠪᠴᠢ ᠶᠢ ᠬᠡᠷᠬᠢᠨ ᠰᠣᠩᠭᠤᠬᠤ ᠪᠤᠶ︖       ᠵᠢᠯᠣᠭᠤᠳᠤᠮᠵᠢ ᠳᠤ ᠲᠣᠳᠣᠷᠬᠠᠢ ᠲᠣᠭᠲᠠᠭᠠᠭᠰᠠᠨ ᠨᠢ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠲᠡᠨ ᠪᠤᠶᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠢᠯᠡᠷᠡᠯ ᠲᠠᠢ ᠬᠥᠮᠥᠰ ᠲᠤ N95 ᠪᠤᠶᠤ KN95 ᠵᠡᠷᠭᠡ ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ ︵ᠠᠮᠢᠰᠬᠤᠯ ᠤᠨ ᠨᠡᠭᠡᠯᠡᠭᠡᠢ ᠦᠭᠡᠢ︶ ᠪᠤᠶᠤ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ᠵᠡᠭᠦᠯᠭᠡᠬᠦ ᠶᠢ ᠰᠠᠨᠠᠭᠤᠯᠵᠤ᠂ ᠪᠤᠰᠤᠳ ᠬᠥᠮᠥᠰ ᠲᠤ ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠵᠡᠭᠦᠯᠭᠡᠬᠦ ᠶᠢ ᠰᠠᠨᠠᠭᠤᠯᠵᠤ ᠪᠠᠶᠢᠨ᠎ᠠ᠃ ᠬᠡᠦᠬᠡᠳ ᠲᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠠᠮᠠᠪᠴᠢ ᠶᠢ ᠰᠣᠩᠭᠤᠨ ᠬᠡᠷᠡᠭᠯᠡᠬᠦ ᠶᠢ ᠰᠠᠨᠠᠭᠤᠯᠵᠤ ᠪᠠᠶᠢᠨ᠎ᠠ᠃  
ᠢᠷᠡᠯᠲᠡ᠄ ᠳᠣᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ