ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/30
      1 ᠳ᠋ᠦ᠋ᠭᠡᠷ ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠸᠢᠳᠢᠤ᠋ ᠪᠠᠷ ᠰᠡᠷᠡᠮᠵᠢᠯᠡᠭᠦᠯᠵᠦ ᠰᠠᠨᠠᠭᠤᠯᠤᠨ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠨᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤᠨ ᠳᠤ ᠶᠠᠪᠤᠭᠳᠠᠵᠠᠢ᠃      ᠬᠤᠷᠠᠯ ᠤᠨ ᠳᠠᠷᠠᠭ᠎ᠠ᠂ ᠰᠤ᠋ ᡁᠢ ᠰᠢᠶᠦ᠋ᠡᠭ ︽ᠳᠥᠷᠪᠡ ᠶᠢ ᠬᠢᠬᠦ ᠦᠭᠡᠢ ᠬᠤᠶᠠᠷ ᠢ ᠰᠢᠭᠤᠳ ᠬᠢᠬᠦ︾ ᠬᠡᠯᠪᠡᠷᠢ ᠪᠠᠷ ᠪᠠᠢ ᠯᠢᠶᠠᠨ ᠶᠠᠩ ᠬᠤᠸᠠᠷ ᠫᠤᠤᠵᠢᠩ ᠤᠨ ᠳᠡᠯᠭᠡᠭᠦᠷ᠂ ᠱᠢ ᠳ᠋ᠠᠢ ᠬᠤᠳᠠᠯᠳᠤᠭᠠᠨ ᠤ ᠲᠥᠪ᠂ ᠽᠢ ᠶᠤᠸᠠᠨ ᠲᠣᠮᠣ ᠪᠠᠭᠤᠳᠠᠯ᠂ ᠳ᠋ᠦᠡᠭ ᠬᠤᠤ ᠰᠢ ᠨᠢᠤ ᠲᠡᠯᠡᠶ‌‍ᠶᠢᠨ ᠰᠣᠷᠭᠤᠭ ᠢᠳᠡᠭᠡᠨ ᠤ ᠬᠤᠭᠤᠯᠠᠨ ᠭᠡᠷ᠂ ᠳ᠋ᠦᠸᠧ ᠶᠤᠸᠠᠨ ᠠᠮᠢᠳᠤᠷᠠᠯ ᠤᠨ ᠴᠢᠯᠦᠭᠡᠲᠦ ᠳᠡᠯᠭᠡᠭᠦᠷ᠂ ᠱᠦᠨ ᠹᠧᠩ ᠲᠦᠷᠭᠡᠨ ᠲᠡᠭᠡᠭᠡᠪᠦᠷᠢ᠂ ᠯᠧᠢ ᠲᠢᠩ ᠰᠦᠯᠵᠢᠶᠡᠨ ᠤ ᠺᠯᠦ᠋ᠪ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠬᠦᠷᠴᠦ᠂ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠨᠤᠭ ᠲᠥᠬᠦᠭᠡᠷᠦᠮᠵᠢ ᠶᠢᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠳᠠᠯ ᠵᠡᠷᠭᠡ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃      ᠰᠤ᠋ ᡁᠢ ᠰᠢᠶᠦ᠋ᠡᠭ ᠬᠡᠯᠡᠬᠦ ᠳᠡᠭᠡᠨ᠂ ᠠᠶᠤᠯᠭᠦᠢ ᠦᠢᠯᠡᠳᠪᠦᠷᠢᠯᠡᠯ ᠨᠢ ᠲᠦᠭ ᠲᠦᠮᠡᠨ ᠠᠶᠢᠯ ᠡᠷᠦᠬᠡ ᠵᠢᠴᠢ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠳᠠᠭ ᠤᠴᠢᠷ ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠭᠦᠨᠵᠡᠭᠡᠢ ᠰᠤᠷᠭᠠᠮᠵᠢ ᠠᠪᠴᠤ᠂ ︽ᠴᠠᠭ ᠢᠮᠠᠭᠲᠠ ᠠᠮᠤᠷ ᠲᠦᠪᠰᠢᠨ ᠢ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠶᠢ ᠪᠠᠲᠤ ᠪᠦᠷᠢᠯᠳᠦᠭᠦᠯᠵᠦ᠂ ᠶᠡᠷᠦᠩᠬᠡᠢ ᠱᠦᠵᠢ ᠰᠢ ᠶᠢᠨ ᠫᠢᠡᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠂ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠪᠠᠶᠢᠳᠠᠯ ᠢ ᠭᠦᠨᠵᠡᠭᠡᠢ ᠡᠵᠡᠮᠳᠡᠵᠦ᠂ ᠬᠤᠶᠢᠷᠭᠤᠰᠢᠬᠤ ᠰᠡᠳᠬᠢᠴᠡ ᠶᠢ ᠡᠷᠡᠰ ᠲᠡᠪᠴᠢᠨ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠂ ᠵᠠᠩᠭᠢᠯᠠᠭ᠎ᠠ ᠶᠢᠨ ᠴᠡᠭ ᠢ ᠳᠤᠪᠤᠶᠢᠯᠭᠠᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠳᠠᠯᠭ᠎ᠠ ᠲᠠᠢ ᠲᠠᠯᠠᠪᠤᠷ ᠤᠨ ᠲᠣᠭᠤᠷᠢᠨ ᠳᠤ ᠲᠤᠰᠬᠠᠢ ᠮᠡᠷᠭᠡᠵᠢᠯ ᠤᠨ ᠬᠦᠴᠦᠨ ᠢ ᠲᠣᠬᠢᠷᠠᠭᠤᠯᠵᠤ᠂ ᠠᠶᠤᠯ ᠲᠦᠭᠰᠢᠭᠦᠷᠢ ᠶᠢ ᠴᠢᠩᠭ᠎ᠠ ᠪᠠᠶᠢᠴᠠᠭᠠᠨ᠂ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ᠂ ᠠᠳᠡᠯ ᠭᠠᠷᠬᠤ ᠶᠢ ᠡᠷᠡᠰ ᠬᠤᠷᠢᠭᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠦᠢᠯᠡᠳᠦᠯᠴᠡᠯ ᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠦᠭᠰᠢᠭᠦᠷᠢᠲᠦ ᠰᠡᠳᠬᠢᠯᠭᠡ ᠶᠢ ᠢᠮᠠᠭᠲᠠ ᠪᠠᠷᠢᠮᠲᠠᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠢ ᠪᠠᠲᠤᠯᠠᠨ᠂ ᠠᠮᠤᠷ ᠲᠦᠪᠰᠢᠨ ᠤ ᠰᠠᠭᠤᠷᠢ ᠶᠢ ᠪᠠᠲᠤᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠂ ︽ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠡᠯᠢᠭᠡᠨ ᠬᠠᠶᠢᠷᠠᠲᠤ ᠣᠲᠤᠭ ᠢᠶᠠᠨ ᠪᠦᠲᠦᠭᠡᠨ ᠪᠠᠶᠢᠭᠤᠯᠬᠤ︾ ᠳᠤ ᠠᠮᠤᠷ ᠲᠦᠪᠰᠢᠨ ᠤ ᠰᠠᠭᠤᠷᠢ ᠶᠢ ᠪᠠᠬᠢᠯᠡᠬᠦ ᠬᠡᠷᠡᠭᠲᠡᠢ ᠭᠡᠪᠡ᠃      ᠬᠤᠰᠢᠭᠤᠨ ᠤ ᠤᠳᠤᠷᠢᠳᠤᠯᠭ᠎ᠠ ᠰᠢᠦᠢ ᠷᠦᠢ ᠹᠧᠩ᠂ ᠯᠢ ᡁᠢ ᠪᠢᠶᠣᠣ᠂ ᠼᠦᠢ ᠵᠢᠩ᠂ ᠭᠦᠸᠧ ᠵᠣᠣ ᠬᠤᠶ᠂ ᠨᠠᠰᠤᠨᠳᠡᠯᠭᠡᠷ᠂ ᠯᠢᠦ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠷᠣᠯᠴᠠᠵᠠᠢ᠃ 
ᠢᠷᠡᠯᠲᠡ᠄ ᠣᠲᠤᠭ ᠨᠡᠶᠢᠲᠡᠯᠡᠯ