ᠭᠤᠤ ᠬᠤᠸᠠᠢ ᠵᠢᠩ ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠂ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2024/1/5
      1 ᠰᠠᠷ᠎ᠠ ᠶᠢᠨ 4 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᡁᠢ ᠪᠢᠶᠤᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ ᠣᠷᠳᠣᠰ ᠤᠨ ᠲᠤᠷᠰᠢᠯᠲᠠ ᠶᠢᠨ ᠲᠠᠰᠤᠭ ᠪᠣᠯ ᠲᠡᠷᠢᠭᠦᠨ ᠤ ᠨᠡᠭᠦᠷᠡᠰᠦ ᠬᠢᠮᠢ ᠶᠢᠨ ᠠᠵᠤ ᠦᠶᠯᠡᠳᠪᠦᠷᠢ ᠪᠣᠯᠤᠨ ᠰᠢᠨ᠎ᠡ ᠡᠨᠧᠷᠭᠢ ᠬᠢᠮᠢ ᠶᠢᠨ ᠠᠵᠤ ᠦᠶᠯᠡᠳᠪᠦᠷᠢ ᠪᠠᠷ ᠭᠤᠤᠯ ᠰᠤᠳᠤᠯᠭᠠᠨ ᠤ ᠴᠢᠭᠯᠡᠯ ᠪᠣᠯᠭᠠᠭᠰᠠᠨ ᠤᠯᠤᠰ ᠤᠨ ᠲᠡᠷᠢᠭᠦᠨ ᠲᠠᠰ ᠤᠨ ᠰᠤᠳᠤᠯᠭᠠᠨ ᠤ ᠬᠡᠯᠪᠡᠷᠢ ᠶᠢᠨ ᠲᠤᠷᠰᠢᠯᠲᠠ ᠶᠢᠨ ᠲᠠᠰᠤᠭ ᠪᠣᠯᠤᠨ᠎ᠠ᠃
W020240105343745612262.jpg
      ᠠᠳᠡ᠂ ᠭᠤᠤ ᠬᠤᠸᠠᠢ ᠵᠢᠩ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ᠂ ᠤᠷᠳᠤᠰ ᠤᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠸᠧᠢ ᠹᠸᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠤᠳᠤ ᠦᠶ᠎ᠡ ᠶᠢᠨ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠵᠢᠴᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠭᠤᠤ ᠬᠤᠸᠠᠢ ᠵᠢᠩ ᠢᠯᠡᠷᠬᠡᠶᠢᠯᠡᠬᠦ ᠳᠡᠭᠡᠨ᠂ ᠣᠲᠤᠭ ᠬᠤᠰᠢᠭᠤᠨ ᠤ ᠡᠬᠢ ᠪᠠᠶᠠᠯᠢᠭ ᠡᠯᠪᠡᠭ᠂ ᠰᠢᠨ᠎ᠡ ᠡᠨᠧᠷᠭᠢ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠃ ᠣᠷᠳᠣᠰ ᠤᠨ ᠲᠤᠷᠰᠢᠯᠲᠠ ᠶᠢᠨ ᠲᠠᠰᠤᠭ ᠤᠨ ᠭᠤᠤᠯ ᠰᠤᠳᠤᠯᠭᠠᠨ ᠤ ᠴᠢᠭᠯᠡᠯ ᠨᠢ ᠣᠲᠤᠭ ᠬᠤᠰᠢᠭᠤᠨ ᠤ ᠠᠵᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠨᠡᠶᠢᠴᠡᠵᠦ ᠂ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠤᠯᠠᠷᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠵᠡᠷᠭᠡ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠸᠧᠶ ᠹᠸᠢ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠭᠦᠨ ᠵᠤᠵᠠᠭᠠᠨ ᠪᠠᠶᠢᠵᠤ᠂ ᠣᠲᠤᠭ ᠬᠤᠰᠢᠭᠤᠨ ᠤ ᠠᠵᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠯᠠᠮ ᠠᠪᠴᠠᠯᠳᠤᠵᠤ᠂ ᠨᠠᠩ ᠣᠯᠠᠨ ᠴᠢᠨᠠᠷ ᠰᠠᠶᠢᠲᠠᠶ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠷ ᠣᠷᠣᠨ ᠨᠤᠲᠤᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ ᠭᠡᠵᠦ ᠢᠯᠡᠷᠬᠡᠶᠢᠯᠡᠪᠡ᠃       ᠳᠠᠷᠠᠭ᠎ᠠ ᠨᠢ᠂ ᠭᠤᠤ ᠬᠤᠸᠠᠢ ᠵᠢᠩ ᠨᠡᠷ ᠪᠠᠰᠠ ᠲᠤᠷᠰᠢᠯᠲᠠ ᠶᠢᠨ ᠲᠠᠰᠤᠭ ᠪᠠ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ᠂ ᠦᠷ᠎ᠡ ᠪᠦᠲᠦᠭᠡᠯ ᠤᠨ ᠤᠯᠠᠷᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠪᠣᠯ ᠲᠤᠰᠬᠠᠶ ᠮᠡᠷᠭᠡᠵᠢᠯ ᠤᠨ ᠳᠡᠭᠡᠳᠦ ᠲᠠᠰ ᠤᠨ ᠣᠶᠤᠨ ᠤ ᠬᠥᠮᠥᠷᠭᠡ᠂ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ᠂ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ᠂ ᠰᠢᠨ᠎ᠡ ᠶᠢ ᠡᠭᠦᠳᠴᠦ ᠦᠢᠯᠡᠰ ᠪᠣᠰᠬᠠᠬᠤ ᠣᠷᠣᠨ ᠵᠠᠶ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠪᠤᠶᠢᠵᠢᠭᠤᠯᠤᠯᠲᠠ ᠶᠢ ᠨᠢᠭᠡ ᠴᠣᠭᠴᠠᠵᠢᠭᠤᠯᠤᠭᠰᠠᠨ ︽ ᠬᠤᠤᠰ ᠨᠡᠭᠦᠷᠡᠰᠦᠲᠥ᠋ᠷᠥᠭᠴᠢ︾ ᠶᠢᠨ ᠣᠨᠴᠠᠯᠢᠭᠲᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠤᠨ᠎ᠠ᠃ ᠰᠤᠳᠤᠯᠭᠠᠨ ᠤ ᠬᠦᠷᠢᠶᠡᠯᠡᠩ ᠤᠨ ᠪᠦᠯᠬᠦᠮ ᠤᠨ ᠪᠦᠷᠢᠯᠳᠦᠯ᠂ ᠰᠤᠳᠤᠯᠬᠤ ᠴᠢᠭᠯᠡᠯ᠂ ᠵᠠᠩᠭᠢᠯᠠᠭ᠎ᠠ ᠶᠢᠨ ᠮᠡᠷᠭᠡᠵᠢᠯ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠭᠰᠠᠨ ᠤ ᠳᠠᠷᠠᠭ᠎ᠠ᠂ ᠭᠤᠤ ᠬᠤᠸᠠᠢ ᠵᠢᠩ ᠢᠯᠡᠷᠬᠡᠶᠢᠯᠡᠬᠦ ᠳᠡᠭᠡᠨ᠂ ᠣᠲᠤᠭ ᠬᠤᠰᠢᠭᠤ ︽ᠬᠤᠤᠰ ᠨᠡᠭᠦᠷᠡᠰᠦᠲᠥ᠋ᠷᠥᠭᠴᠢ︾ ᠶᠢᠨ ᠴᠣᠩᠬᠤᠪᠴᠢ ᠶᠢᠨ ᠬᠤᠭᠤᠴᠠᠭ᠎ᠠ ᠶᠢᠨ ᠠᠵᠠ ᠲᠣᠬᠢᠶᠠᠯ ᠢ ᠵᠠᠪᠳᠤᠨ᠂ ᠰᠠᠯᠬᠢᠨ ᠬᠦᠴᠦᠨ᠂ ᠭᠡᠷᠡᠯ ᠴᠡᠨᠡᠭ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ ᠵᠢᠴᠢ ᠢᠵᠢ ᠪᠦᠷᠢᠳᠦᠭᠦᠯᠦᠨ ᠡᠨᠧᠷᠭᠢ ᠨᠥᠭᠡᠴᠡᠯᠡᠬᠦ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠪᠠᠷ ᠮᠠᠨᠳᠤᠭᠰᠠᠨ ᠠᠵᠤ ᠦᠶᠯᠡᠰ ᠶᠠᠭ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠵᠦ ᠪᠠᠶᠢᠨ᠎ᠠ᠂ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ ᠣᠲᠤᠭ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠶᠢᠯᠡᠭᠰᠡᠨ ᠳᠠᠪᠠᠭᠤᠯᠢᠭ ᠵᠢᠴᠢ ᠴᠢᠳᠠᠪᠤᠷᠢᠲᠠᠨ ᠤ ᠳᠠᠪᠠᠭᠤᠯᠢᠭ ᠲᠤ ᠭᠦᠶᠴᠡᠳ ᠲᠦᠰᠢᠭᠯᠡᠨ᠂ ᠣᠶᠤᠨᠴᠢ ᠡᠨᠧᠷᠭᠢ᠂ ᠴᠡᠪᠡᠷ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠪᠠ ᠮᠡᠷᠭᠡᠵᠢᠯ ᠤᠨ ᠠᠷᠭ᠎ᠠ ᠵᠠᠮ ᠢ ᠰᠦᠪᠡᠭᠴᠢᠯᠡᠵᠦ᠂ ᠣᠲᠤᠭ ᠬᠤᠰᠢᠭᠤ ᠶᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠲᠤᠷᠰᠢᠯᠲᠠ  ᠶᠢᠨ ᠭᠠᠵᠠᠷ᠂ ᠲᠡᠷᠢᠭᠦᠨ ᠤ ᠮᠡᠷᠭᠡᠵᠢᠯ ᠤᠨ ᠦᠶᠯᠡᠳᠦᠯᠭᠡ ᠶᠢᠨ ᠭᠠᠵᠠᠷ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠪᠣᠯ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ᠂ ᠠᠵᠤ ᠦᠶᠯᠡᠰ ᠢ ᠨᠡᠪᠴᠢᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯᠤᠨ᠎ᠠ᠃      ᠭᠤᠤ ᠬᠤᠸᠠᠢ ᠵᠢᠩ ︽ᠬᠤᠤᠰ ᠨᠡᠭᠦᠷᠡᠰᠦᠳᠦᠷᠦᠭᠴᠢ︾ ᠶᠢᠨ ᠡᠨᠧᠷᠭᠢ ᠣᠯᠭᠤᠬᠤ ᠬᠡᠷᠡᠭᠯᠡᠭᠡᠨ  ᠤ ᠦᠵᠡᠭᠦᠯᠭᠡ ᠶᠢᠨ ᠲᠥᠪ᠂ ᠰᠢᠨ᠎ᠡ ᠡᠨᠧᠷᠭᠢ ᠶᠢᠨ ᠲᠤᠷᠰᠢᠯᠲᠠ ᠶᠢᠨ ᠲᠥᠪ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠮᠠᠨ ᠤ ᠬᠤᠲᠠ ᠶᠢᠨ ︽ ᠬᠤᠤᠰ ᠨᠡᠭᠦᠷᠡᠰᠦᠳᠦᠷᠦᠭᠴᠢ︾ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ  ᠶᠢ ᠭᠦᠨᠵᠡᠭᠡᠶ ᠣᠶᠢᠯᠠᠭᠠᠪᠠ᠃ ᠲᠡᠷᠡ ᠬᠡᠯᠡᠬᠦ ᠳᠡᠭᠡᠨ᠂ ᠣᠲᠤᠭ ᠬᠤᠰᠢᠭᠤᠨ ᠤ ᠰᠠᠯᠬᠢ ᠬᠡᠷᠡᠯ ᠤᠨ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠦ᠂ ᠬᠤᠶᠠᠷ ᠲᠠᠯ᠎ᠠ ᠪᠠᠷ ᠢᠶᠠᠨ ᠴᠡᠪᠡᠷ ᠡᠨᠧᠷᠭᠢ ᠪᠠᠷ ᠢᠯᠴᠢ ᠬᠠᠩᠭᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠪᠠᠶᠢᠭᠤᠯᠬᠤ ᠵᠡᠷᠭᠡ ᠬᠦᠷᠢᠶᠡᠨ ᠳᠤ ᠪᠣᠳᠠᠲᠠᠶ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠣᠷᠣᠨ ᠤ ᠬᠥᠭᠵᠢᠯᠲᠡ ᠳᠤ ᠨᠠᠩ ᠰᠢᠯᠢᠳᠡᠭ ᠶᠡᠷᠦᠩᠬᠡᠶᠢᠯᠡᠭᠰᠡᠨ ᠣᠶᠤᠨᠴᠢ ᠡᠨᠧᠷᠭᠢ ᠶᠢᠨ ᠦᠶᠯᠡᠴᠢᠯᠡᠭᠡ ᠬᠠᠩᠭᠠᠨ᠂ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃       ᠡᠨᠡ ᠬᠤᠭᠤᠴᠠᠭᠠᠨ ᠳᠤ᠂ ᠭᠤᠤ ᠬᠤᠸᠠᠢ ᠵᠢᠩ ᠨᠡᠷ ᠪᠠᠰᠠ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠶ᠎ᠠ ᠪᠠᠭᠰᠢ ᠲᠣᠭᠤᠷᠢᠭ ᠲᠤ ᠠᠰᠢᠭᠯᠠᠯᠲᠠ ᠳᠤ ᠣᠷᠣᠭᠤᠯᠤᠭᠰᠠᠨ ᠵᠢᠯᠣᠭᠤᠴᠢ ᠦᠭᠡᠢ ᠨᠡᠶᠢᠲᠡ ᠶᠢᠨ ᠮᠠᠰᠢᠨ ᠲᠡᠷᠭᠡ ᠶᠢ ᠪᠡᠶᠡᠴᠢᠯᠡᠨ ᠣᠶᠢᠯᠠᠭᠠᠪᠠ᠃ 
ᠢᠷᠡᠯᠲᠡ᠄ ᠣᠲᠤᠭ ᠨᠡᠶᠢᠲᠡᠯᠡᠯ