ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/5
ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                        ᠣᠲᠤᠭ ᠵᠠᠰᠠᠭ ᠠᠯᠪᠠᠨ ᠲᠠᠷᠬᠠᠭᠠᠭᠰᠠᠨ ﹇2023﹈ 99 ᠳ᠋ᠦ᠋ᠭᠡᠷ ᠲᠣᠭᠠᠲᠤᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ  ᠬᠠᠮᠢᠶ᠎ᠠ ᠪᠦᠬᠦᠢ ᠪᠠᠶᠢᠭᠤᠯᠭ᠎ᠠ ᠳᠤ᠄       ︽ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                               ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2023 ᠣᠨ ᠤ 12 ᠳ᠋ᠤᠭᠠᠷ ᠰᠠᠷ᠎ᠠ ᠶᠢᠨ 20 ᠤ ᠡᠳᠦᠷ                                    ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠳ᠋ᠠᠶᠢᠲ᠋ᠠ ᠶᠢᠨ ᠦᠨᠳᠦᠰᠦᠨ ᠳᠦᠷᠢᠮ ᠢ ᠲᠣᠭᠲᠠᠭᠠᠵᠤ ᠳ᠋ᠠᠶᠢᠲ᠋ᠠ ᠶᠢᠨ ᠬᠦᠴᠦᠨ ᠵᠦᠢᠯ ᠤᠨ ᠦᠢᠯᠡᠳᠦᠯ ᠢ ᠨᠠᠩ ᠰᠠᠶᠢᠨ ᠪᠠᠳᠠᠷᠠᠭᠤᠯᠬᠤ ᠲᠤᠬᠠᠢ ᠰᠠᠨᠠᠯ︾ ︵ᠲᠥᠪ ᠬᠤᠷᠢᠶ᠎ᠠ ᠲᠠᠷᠬᠠᠭᠠᠭᠰᠠᠨ ﹇2022﹈ 32 ᠳ᠋ᠤᠭᠠᠷ ᠲᠣᠭᠠᠲᠤ︶᠂ ︽ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ︾ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠥᠬᠦ ᠣᠷᠣᠨ ᠤ ᠨᠢᠭᠡ ᠴᠤᠭᠴᠠᠵᠢᠭᠤᠯᠣᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠭᠲᠠᠯᠴᠠᠭᠠᠨ ᠤ ᠪᠠᠶᠢᠭᠤᠯᠤᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 32 ᠳ᠋ᠤᠭᠠᠷ ᠲᠣᠭᠠᠲᠤ︶᠂ ︽ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2023﹈ 92 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠪᠠᠨ ᠣᠯᠠᠨ ᠨᠡᠶᠢᠲᠡ ᠶᠢᠨ ᠳ᠋ᠠᠶᠢᠲ᠋ᠠ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠮᠲᠤ ᠪᠠᠷ ᠠᠰᠢᠭᠯᠠᠬᠤ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠤᠯᠠᠮ ᠴᠢᠩᠭᠠᠳᠬᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢᠨ ᠲᠤᠰᠠᠳᠠ᠂ ᠡᠳᠦᠭᠡ ᠬᠤᠰᠢᠭᠤᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠠᠶᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠮᠣ ᠳ᠋ᠠᠶᠢᠲ᠋ᠠ ᠶᠢᠨ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠴᠤᠭᠯᠠᠭᠤᠯᠬᠤ᠂ ᠬᠡᠷᠡᠭᠴᠡᠭᠡ ᠶᠣᠰᠣᠭᠠᠷ ᠬᠠᠮᠲᠤᠪᠠᠷ ᠠᠰᠢᠭᠯᠠᠬᠤ᠂ ᠡᠮᠬᠢ ᠳᠢᠭᠯᠢᠮ ᠲᠠᠢ ᠨᠡᠭᠡᠭᠡᠯᠲᠡ  ᠲᠠᠢ ᠪᠣᠯᠭᠠᠬᠤ ᠶᠢ ᠠᠬᠢᠭᠤᠯᠤᠨ᠂ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠳ᠋ᠠᠶᠢᠲ᠋ᠠ ᠶᠢᠨ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠭᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠂ ᠣᠲᠤᠭ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃       ᠬᠤᠶᠠᠷ᠂ ᠠᠵᠢᠯ ᠤᠨ ᠬᠠᠷᠠᠯᠲᠠ       2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠬᠤ ᠳᠤ᠂ ᠨᠢᠭᠡᠳᠦᠯᠲᠡᠢ ᠲᠥᠯᠥᠪᠯᠡᠭᠰᠡᠨ ᠥᠨᠳᠥᠷ ᠪᠦᠲᠦᠮᠵᠢᠲᠡᠶ ᠳ᠋ᠠᠶᠢᠲ᠋ᠠ ᠶᠢᠨ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠦᠷᠢᠯᠳᠦᠭᠦᠯᠵᠦ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ ᠡᠵᠡᠮᠰᠢᠨ᠂ ᠳ᠋ᠠᠶᠢᠲ᠋ᠠ ᠶᠢ ᠪᠥᠬᠦ ᠲᠠᠯ᠎ᠠ ᠪᠠᠷ ᠴᠤᠭᠯᠠᠭᠤᠯᠵᠤ᠂ ᠪᠥᠬᠦ ᠬᠤᠰᠢᠭᠤᠨ ᠤ ᠨᠢᠭᠡᠳᠦᠯᠲᠡᠢ ᠲᠣᠮᠣ ᠳ᠋ᠠᠶᠢᠲ᠋ᠠ ᠶᠢᠨ ᠡᠬᠢ ᠪᠠᠶᠠᠯᠢᠭ ᠤᠨ ᠰᠣᠷᠪᠤᠯᠵᠢ ᠶᠢ ᠪᠣᠢ ᠪᠣᠯᠭᠠᠨ᠂ ᠳ᠋ᠠᠶᠢᠲ᠋ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠳ᠋ᠠᠶᠢᠲ᠋ᠠ ᠶᠢᠨ ᠢᠷᠡᠯᠲᠡ ᠨᠢ ᠡᠷᠬᠡ ᠰᠦᠷ ᠲᠠᠢ᠂ ᠴᠠᠭ ᠲᠤᠬᠠᠢ ᠳᠤᠨᠢ ᠰᠢᠨᠡᠳᠬᠡᠵᠦ ᠬᠠᠮᠠᠭᠠᠯᠠᠭᠰᠠᠨ᠂ ᠡᠬᠢ ᠪᠠᠶᠠᠯᠢᠭ ᠢ ᠪᠦᠲᠦᠮᠵᠢᠲᠡᠶ ᠠᠰᠢᠭᠯᠠᠭᠰᠠᠨ ᠪᠥᠬᠦ ᠬᠤᠰᠢᠭᠤᠨ ᠤ ᠬᠥᠮᠥᠨ ᠠᠮᠠ᠂ ᠬᠠᠤᠯᠢ ᠶᠢᠨ ᠡᠷᠬᠡᠲᠡᠨ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠢ ᠵᠡᠷᠭᠡ ᠶᠢᠨ ᠰᠠᠭᠤᠷᠢ ᠬᠥᠮᠥᠷᠭᠡ ᠶᠢ ᠠᠩᠬ᠎ᠠ ᠠᠯᠬᠤᠮ ᠪᠠᠶᠢᠭᠤᠯᠬᠤ ᠶᠢᠨ ᠬᠠᠮᠲᠤ᠂ ᠡᠮᠴᠢᠯᠡᠭᠡ ᠡᠷᠡᠭᠦᠯ ᠮᠡᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠲᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠶᠢᠨ ᠡᠨᠧᠷᠭᠢ ᠵᠡᠷᠭᠡ ᠰᠢᠷᠢᠰ ᠭᠤᠣᠯ ᠰᠡᠳᠦᠪᠲᠦ ᠬᠥᠮᠥᠷᠭᠡ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ ︽ᠬᠠᠷᠢᠯᠴᠠᠨ ᠬᠤᠯᠪᠣᠭᠠᠯᠠᠵᠤ ᠬᠠᠮᠲᠤ ᠪᠠᠷ ᠠᠰᠢᠭᠯᠠᠬᠤ︾ ᠶᠢ ᠪᠡᠶᠡᠯᠡᠭᠦᠯᠦᠨ᠎ᠡ᠃ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠢ ᠨᠡᠭᠡᠭᠡᠯᠲᠡ  ᠲᠠᠢ ᠪᠣᠯᠭᠠᠬᠤ ᠪᠠᠶᠢᠷᠢᠰᠢᠯ ᠢ  ᠢᠳᠡᠭ ᠢᠳᠡᠭ ᠢᠶᠠᠷ ᠥᠷᠭᠡᠳᠬᠡᠵᠦ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠵᠡᠩᠨᠡᠯᠲᠡ ᠶᠢ ᠰᠦᠪᠡᠭᠴᠢᠯᠡᠨ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠳᠤ ᠨᠠᠩ ᠰᠠᠶᠢᠨ ᠳ᠋ᠠᠶᠢᠲ᠋ᠠ ᠶᠢᠨ  ᠦᠢᠯᠡᠴᠢᠯᠡᠭᠡ ᠬᠠᠩᠭᠠᠨ᠎ᠠ᠃       ᠭᠤᠷᠪᠠ᠂ ᠭᠤᠣᠯᠳᠠᠯᠭ᠎ᠠ ᠲᠠᠢ ᠡᠭᠦᠷᠭᠡ       ︵ᠨᠢᠭᠡ︶ ᠤᠯᠠᠨ ᠨᠡᠶᠢᠳᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠪᠦᠷᠢᠨᠰᠢᠭᠦᠯᠦᠨ᠎ᠡ      ᠲᠣᠭᠠᠴᠢᠯᠠᠭᠰᠠᠨ ᠣᠲᠤᠭ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠪᠥᠬᠦ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ᠪᠥᠬᠦ ᠬᠤᠰᠢᠭᠤᠨ ᠤ ᠬᠤᠯᠪᠣᠭᠳᠠᠯ ᠪᠦᠬᠦᠢ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠴᠢᠬᠤᠯᠠ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠵᠤ ᠰᠢᠢᠳᠪᠦᠷᠢᠯᠡᠨ᠂ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠮᠲᠤ ᠪᠠᠷ ᠠᠰᠢᠭᠯᠠᠬᠤ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠲᠤᠭ᠎ᠠ ᠪᠠᠷᠢᠮᠲᠠ ᠶᠢᠨ ᠬᠦᠴᠦᠨ ᠵᠦᠢᠯ ᠤᠨ ᠥᠷᠲᠡᠭ ᠢ ᠪᠠᠳᠠᠷᠠᠭᠤᠯᠤᠨ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ ᠬᠠᠩᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠲᠤ ᠭᠠᠷᠭᠠᠨ᠎ᠠ︶ ᠨᠢ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠬᠢᠴᠠᠭᠤᠯᠬᠤ᠂ ᠱᠠᠭᠠᠷᠳᠠᠨ ᠭᠦᠢᠴᠡᠳᠬᠡᠬᠦ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠨᠢ ᠲᠣᠰ ᠭᠠᠵᠠᠷ ᠣᠷᠣᠨ ᠲᠣᠰ ᠪᠠᠶᠢᠭᠤᠯᠭ᠎ᠠ ᠶᠢᠨ ᠣᠯᠠᠨ ᠨᠡᠶᠢᠲᠡ ᠶᠢᠨ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ ᠪᠦᠷᠢᠨᠰᠢᠭᠦᠯᠤᠨ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠭᠤᠣᠯ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠢ ᠡᠷᠴᠢᠮᠲᠡᠢ ᠵᠣᠬᠢᠴᠠᠭᠤᠯᠵᠤ ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠡᠷᠭᠢᠯᠲᠡ ᠨᠢ ᠪᠦᠲᠦᠮᠵᠢᠲᠡᠢ᠂ ᠬᠠᠮᠢᠶᠠᠷᠤᠯᠲᠠ ᠨᠢ ᠵᠢᠷᠤᠮᠵᠢᠯ ᠲᠠᠢ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ︵ᠡᠯ᠎ᠡ ᠭᠠᠵᠠᠷ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶       ︵ᠬᠤᠶᠠᠷ︶ ᠣᠯᠠᠨ ᠨᠡᠶᠢᠲᠡ ᠶᠢᠨ ᠳ᠋ᠠᠶᠢᠲ᠋ᠠ ᠶᠢ ᠪᠥᠬᠦ ᠲᠠᠯ᠎ᠠ ᠪᠠᠷ ᠴᠤᠭᠯᠠᠭᠤᠯᠬᠤ ᠶᠢ ᠠᠬᠢᠭᠤᠯᠤᠨ᠎ᠠ       ⒈ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠤᠨ ᠰᠠᠭᠤᠷᠢ ᠲᠤᠭ᠎ᠠ ᠳᠤ ᠥᠪᠡᠰᠦᠪᠡᠨ ᠪᠠᠶᠢᠴᠠᠭᠠᠯᠲᠠ ᠬᠢᠨ᠎ᠡ᠃ ᠲᠤᠰ ᠨᠢᠭᠡᠴᠢ᠂ ᠬᠠᠷᠢᠶ᠎ᠠ  ᠪᠠᠶᠢᠭᠤᠯᠤᠮᠵᠢ ᠵᠢᠴᠢ ᠬᠠᠮᠢᠶᠠᠷᠤᠯᠲᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠶᠢᠨ ︽ᠭᠤᠷᠪᠠ ᠶᠢ ᠲᠣᠭᠲᠠᠭᠠᠬᠤ︾ ᠲᠥᠰᠥᠯ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠬᠢᠨᠠᠨ ᠬᠠᠮᠢᠶᠠᠷᠬᠤ ᠵᠦᠢᠯᠡᠰ᠂ ᠲᠤᠬᠠᠶᠢᠯᠠᠭᠰᠠᠨ ᠠᠵᠢᠯ ᠵᠢᠴᠢ ᠬᠠᠤᠯᠢ ᠴᠠᠭᠠᠵᠠ᠂ ᠳᠦᠷᠢᠮ ᠲᠣᠭᠲᠠᠭᠠᠯ ᠵᠡᠷᠭᠡ ᠶᠢ ᠦᠨᠳᠦᠰᠦᠯᠡᠵᠦ᠂  ᠪᠠᠶᠢᠭᠤᠯᠭ᠎ᠠ ᠶᠢᠨ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ᠂ ᠡᠭᠦᠯᠡᠨ ᠰᠦᠯᠵᠢᠶ᠎ᠡ᠂ ᠰᠦᠯᠵᠢᠶ᠎ᠡ᠂ ᠰᠢᠰᠲ᠋ᠧᠮ᠂ ᠳ᠋ᠠᠶᠢᠲ᠋ᠠ ᠵᠡᠷᠭᠡ ᠶᠢᠨ ᠬᠠᠷᠢᠴᠠᠭ᠎ᠠ ᠶᠢ ᠳᠣᠲᠤᠷᠬᠠᠶᠢᠯᠠᠨ᠂ ᠳ᠋ᠠᠶᠢᠲ᠋ᠠ ᠶᠢᠨ ᠡᠬᠢ ᠡᠭᠦᠰᠦᠯ ᠪᠠ ᠡᠷᠬᠡ ᠶᠢᠨ ᠬᠠᠷᠢᠶᠠᠯᠠᠯ ᠢ ᠢᠯᠭᠠᠨ ᠲᠠᠨᠢᠵᠤ᠂ ᠡᠵᠡᠮᠰᠢᠭᠰᠡᠨ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠵᠦ ᠲᠢᠭᠯᠢᠨ᠂ ᠨᠡᠶᠢᠲᠡᠯᠡᠪᠡᠰᠦ ᠵᠣᠬᠢᠬᠤ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠤᠨ ᠰᠠᠭᠤᠷᠢ ᠲᠤᠭ᠎ᠠ ᠶᠢ ᠲᠣᠳᠣᠷᠬᠠᠢ ᠡᠵᠡᠮᠰᠢᠨ᠎ᠡ᠃ ᠠᠭᠤᠯᠭ᠎ᠠ ᠨᠢ ᠵᠥᠪᠬᠡᠨ ᠳᠣᠲᠣᠭᠠᠳᠤ ᠪᠠᠶᠢᠭᠤᠯᠤᠮᠵᠢ ᠶᠢᠨ ᠨᠡᠷᠡᠶᠢᠳᠦᠯ᠂ ᠭᠤᠣᠯ ᠲᠤᠰᠢᠶᠠᠯ ᠬᠠᠷᠢᠭᠤᠴᠠᠯᠭ᠎ᠠ᠂ ᠲᠤᠬᠠᠶᠢᠯᠠᠭᠰᠠᠨ ᠠᠵᠢᠯ᠂ ᠬᠠᠷᠠᠭᠠᠯᠵᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠢᠨᠠᠨ ᠬᠠᠮᠢᠶᠠᠷᠬᠤ ᠵᠦᠢᠯᠡᠰ ᠤᠨ ᠨᠡᠷᠡᠶᠢᠳᠦᠯ᠂ ᠵᠦᠢᠯᠡᠰ ᠤᠨ ᠲᠥᠷᠥᠯ ᠬᠡᠯᠪᠡᠷᠢ᠂ ᠬᠡᠷᠡᠭᠵᠢᠭᠦᠯᠬᠦ ᠳ᠋ᠤᠭᠠᠷ᠂ ᠭᠤᠶᠤᠴᠢᠯᠠᠬᠤ ᠮᠠᠲ᠋ᠧᠷᠢᠶᠠᠯ ᠵᠡᠷᠭᠡ ᠳᠤ ᠬᠢᠵᠠᠭᠠᠷᠯᠠᠭᠳᠠᠬᠤ ᠦᠭᠡᠢ᠃ ︵ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶       ⒉ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ︵ᠣᠷᠳᠣᠰ ᠲᠣᠮᠣ ᠳ᠋ᠠᠶᠢᠲ᠋ᠠ ᠵᠠᠬᠢᠳᠠᠯ ﹇2021﹈ 51 ᠳ᠋ᠦ᠋ᠭᠡᠷ ᠲᠣᠭᠠᠲᠤ︶ ᠶᠣᠰᠣᠭᠠᠷ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠱᠠᠭᠠᠷᠳᠠᠯᠭ᠎ᠠ ᠪᠠ ᠣᠯᠠᠨ ᠨᠡᠶᠢᠲᠡ ᠶᠢᠨ ᠳ᠋ᠠᠶᠢᠲ᠋ᠠ ᠶᠢᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠲᠣᠰ ᠪᠠᠶᠢᠭᠤᠯᠭ᠎ᠠ ᠶᠢᠨ ᠢᠶᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠣᠯᠠᠨ ᠨᠡᠶᠢᠲᠡ ᠶᠢᠨ ᠳ᠋ᠠᠶᠢᠲ᠋ᠠ ᠶᠢ ᠱᠠᠭᠠᠷᠳᠠᠯᠭ᠎ᠠ ᠶᠣᠰᠣᠭᠠᠷ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠪᠥᠬᠦ ᠲᠠᠯ᠎ᠠ ᠪᠠᠷ ᠭᠠᠷᠴᠠᠭᠯᠠᠵᠤ᠂ ᠬᠥᠳᠡᠯᠦᠩᠭᠦᠢ ᠰᠢᠨᠡᠳᠬᠡᠨ᠂ ᠬᠠᠮᠠᠭᠠᠯᠠᠨ ᠨᠡᠶᠢᠲᠡᠯᠡᠵᠦ᠂ ︽ᠭᠠᠷᠴᠠᠭ — ᠲᠤᠭ᠎ᠠ ᠪᠠᠷᠢᠮᠲᠠ︾ ᠶᠢᠨ ᠬᠤᠯᠪᠣᠭᠳᠠᠬᠤ ᠬᠠᠷᠢᠴᠠᠭ᠎ᠠ᠂ ︽ᠲᠤᠭ᠎ᠠ ᠪᠠᠷᠢᠮᠲᠠ — ᠰᠢᠰᠲ᠋ᠧᠮ︾ ᠤᠨ ᠬᠤᠯᠪᠣᠭᠳᠠᠬᠤ ᠬᠠᠷᠢᠴᠠᠭ᠎ᠠ ᠶᠢ ᠪᠠᠶᠢᠭᠤᠯᠤᠨ᠂ ᠪᠥᠬᠦ ᠬᠤᠰᠢᠭᠤᠨ ᠤ ︽ᠨᠢᠭᠡᠳᠪᠦᠷᠢ ᠳᠠᠩᠰᠠ︾ ᠶᠢ ᠪᠦᠷᠢᠯᠳᠦᠭᠦᠯᠦᠨ᠎ᠡ᠃ ︵ᠡᠯ᠎ᠡ ᠭᠠᠵᠠᠷ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶       ⒊ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠴᠤᠭᠯᠠᠭᠤᠯᠬᠤ ᠶᠢ ᠠᠬᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ︽ᠬᠠᠮᠲᠤ ᠪᠠᠷ ᠠᠰᠢᠭᠯᠠᠬᠤ ᠪᠠᠷ ᠵᠠᠷᠴᠢᠮ ᠪᠣᠯᠭᠠᠵᠤ᠂ ᠬᠠᠮᠲᠤ ᠪᠠᠷ ᠠᠰᠢᠭᠯᠠᠬᠤ ᠦᠭᠡᠢ ᠪᠠᠶᠢᠬᠤ ᠪᠠᠷ ᠣᠨᠴᠠᠭᠠᠶ ᠵᠦᠢᠯ ᠪᠣᠯᠭᠠᠬᠤ︾ ᠦᠨᠳᠦᠰᠦᠨ ᠵᠠᠷᠴᠢᠮ ᠢ ᠵᠢᠷᠤᠮᠯᠠᠨ᠂ ︽ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ︵2022 ᠣᠨ ᠤ ᠬᠡᠪᠯᠡᠯ︶︾ ︵ᠣᠷᠳᠣᠰ ᠲᠤᠮᠤ ᠳ᠋ᠠᠶᠢᠲ᠋ᠠ ᠵᠠᠬᠢᠳᠠᠯ ﹇2022﹈ 189 ᠳ᠋ᠦ᠋ᠭᠡᠷ ᠲᠣᠭᠠᠲᠤ︶ ᠢᠶᠠᠷ ᠰᠠᠭᠤᠷᠢ ᠪᠣᠯᠭᠠᠨ ᠡᠮᠬᠢᠯᠡᠨ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠣᠯᠠᠨ ᠨᠡᠶᠢᠲᠡ ᠶᠢᠨ ᠳ᠋ᠠᠶᠢᠲ᠋ᠠ ᠶᠢᠨ ᠰᠠᠭᠤᠷᠢ ᠲᠤᠭ᠎ᠠ ᠶᠢ ᠬᠠᠩᠭᠠᠨ᠂ ᠬᠠᠮᠲᠤ ᠪᠠᠷ ᠠᠰᠢᠭᠯᠠᠬᠤ ᠭᠠᠷᠴᠠᠭ ᠲᠤ ᠣᠷᠣᠭᠤᠯᠤᠭᠰᠠᠨ ᠪᠣᠶ ᠪᠦᠬᠦᠢ ᠳ᠋ᠠᠶᠢᠲ᠋ᠠ ᠶᠢ ᠴᠥᠮ ᠵᠠᠯᠭᠠᠭᠠᠰᠤ᠂ ᠬᠥᠮᠥᠷᠭᠡ ᠶᠢᠨ ᠬᠦᠰᠦᠨᠦᠭᠲᠦ᠂ FTP ᠵᠡᠷᠭᠡ ᠬᠡᠯᠪᠡᠷᠢ ᠪᠠᠷ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠳᠠᠩᠰᠠᠯᠠᠭᠤᠯᠤᠨ ᠨᠡᠶᠢᠲᠡᠯᠡᠵᠦ᠂ ᠲᠤᠭ᠎ᠠ ᠪᠠᠷᠢᠮᠲᠠ ᠨᠡᠶᠢᠲᠡᠯᠡᠬᠦ ᠪᠠᠶᠢᠭᠤᠯᠭ᠎ᠠ ᠠᠴᠠ ᠳ᠋ᠠᠶᠢᠲ᠋ᠠ ᠶᠢ ᠴᠠᠭ ᠲᠤᠬᠠᠢ ᠳᠤᠨᠢ ᠰᠢᠨᠡᠳᠬᠡᠬᠦ ᠪᠠ ᠵᠠᠯᠭᠠᠭᠠᠰᠤ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠡᠯ᠎ᠡ ᠪᠠᠶᠢᠭᠤᠯᠭ᠎ᠠ ᠶᠢᠨ ᠪᠦᠷᠢᠯᠳᠦᠭᠦᠯᠦᠭᠰᠡᠨ ᠳ᠋ᠠᠶᠢᠲ᠋ᠠ ᠶᠢᠨ ᠡᠬᠢ ᠪᠠᠶᠠᠯᠢᠭ ᠢ ᠵᠠᠷᠴᠢᠮ ᠳᠡᠭᠡᠷ᠎ᠡ ᠪᠠᠨ ᠪᠦᠬᠦᠨ ᠢ ᠬᠠᠮᠲᠤᠪᠠᠷ ᠠᠰᠢᠭᠯᠠᠵᠤ᠂ ᠤᠯᠤᠰ ᠤᠨ ᠨᠢᠭᠤᠴᠠ ᠪᠠ ᠠᠮᠤᠷ ᠲᠦᠪᠰᠢᠨ ᠳᠤ ᠬᠤᠯᠪᠣᠭᠳᠠᠭᠰᠠᠨ ᠢ ᠬᠠᠮᠢᠶ᠎ᠠ ᠪᠦᠬᠦᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠪᠠ ᠪᠥᠬᠦ ᠳ᠋ᠠᠶᠢᠲ᠋ᠠ ᠶᠢᠨ ᠠᠵᠢᠯ ᠤᠨ ᠪᠠᠶᠢᠳᠠᠯ ᠢᠶᠠᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠲᠤᠭ᠎ᠠ ᠪᠠᠷᠢᠮᠲᠠ ᠶᠢ ᠴᠤᠭᠯᠠᠭᠤᠯᠤᠭᠰᠠᠨ ᠠᠬᠢᠴᠠ ᠶᠢ ᠲᠣᠬᠢᠷᠠᠭᠤᠯᠬᠤ ᠶᠢᠨ ᠬᠠᠮᠲᠤ᠂ ᠡᠯ᠎ᠡ ᠪᠠᠶᠢᠭᠤᠯᠭ᠎ᠠ ᠶᠢᠨ ᠳ᠋ᠠᠶᠢᠲ᠋ᠠ ᠶᠢ ᠴᠤᠭᠯᠠᠭᠤᠯᠤᠭᠰᠠᠨ ᠠᠬᠢᠴᠠ ᠶᠢᠨ ᠪᠠᠶᠢᠳᠠᠯ ᠢ ᠮᠡᠳᠡᠭᠡᠯᠡᠨ᠎ᠡ᠃ ︵ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠡᠶᠡᠯᠡᠭᠦᠯᠦᠨ᠎ᠡ︶       ︵ᠭᠤᠷᠪᠠ︶ ᠣᠯᠠᠨ ᠨᠡᠶᠢᠲᠡ ᠶᠢᠨ ᠳ᠋ᠠᠶᠢᠲ᠋ᠠ ᠶᠢᠨ ᠵᠠᠰᠠᠯᠲᠠ ᠶᠢ ᠠᠬᠢᠭᠤᠯᠤᠨ᠎ᠠ ᠤᠯᠠᠨ ᠨᠡᠶᠢᠲᠡ ᠶᠢᠨ ᠳ᠋ᠠᠶᠢᠲ᠋ᠠ ᠶᠢᠨ ᠵᠠᠰᠠᠯᠲᠠ ᠶᠢ ᠠᠬᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠤᠯᠤᠰ ᠤᠨ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠲᠤᠭ᠎ᠠ ᠪᠠᠷᠢᠮᠲᠠ ᠶᠢᠨ ᠵᠠᠰᠠᠯᠲᠠ ᠶᠢᠨ ᠳᠦᠷᠢᠮ ᠢ ᠨᠠᠷᠢᠯᠢᠭᠵᠢᠭᠤᠯᠵᠤ᠂ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠥᠷᠨᠢᠭᠦᠯᠦᠨ᠎ᠡ᠃ ︽ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠠᠩᠭᠠᠪᠠᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠠᠵᠢᠯ ᠬᠢᠬᠦ ᠠᠴᠠ ᠡᠮᠦᠨ᠎ᠡ᠂ ᠠᠵᠢᠯ ᠬᠢᠵᠤ ᠪᠠᠶᠢᠭ᠎ᠠ ᠳᠤᠮᠳᠠ ᠪᠠ ᠠᠵᠢᠯ ᠬᠢᠭᠰᠡᠨ ᠤ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠡᠬᠢ ᠡᠭᠦᠰᠦᠯ ᠤᠨ ᠵᠠᠰᠠᠯᠲᠠ᠂ ᠰᠢᠰᠲ᠋ᠧᠮ ᠤᠨ ᠵᠠᠰᠠᠯᠲᠠ ᠶᠢ ᠠᠬᠢᠭᠤᠯᠤᠨ᠎ᠠ᠃ ᠲᠤᠭ᠎ᠠ ᠪᠠᠷᠢᠮᠲᠠ ᠬᠠᠩᠭᠠᠬᠤ ᠪᠠᠶᠢᠭᠤᠯᠭ᠎ᠠ ᠬᠠᠤᠯᠢ ᠴᠠᠭᠠᠵᠠ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠮᠲᠤᠪᠠᠷ ᠠᠰᠢᠭᠯᠠᠬᠤ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠦᠴᠦᠨ ᠦᠭᠡᠢ ᠲᠤᠭ᠎ᠠ ᠪᠠᠷᠢᠮᠲᠠ᠂ ᠪᠤᠷᠤᠭᠤ ᠲᠤᠭ᠎ᠠ ᠪᠠᠷᠢᠮᠲᠠ ᠶᠢ ᠴᠥᠭᠡᠳᠬᠡᠨ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠬᠡᠷᠡᠭᠯᠡᠵᠦ ᠪᠣᠯᠬᠤ᠂ ᠪᠦᠲᠦᠮᠵᠢᠲᠡᠶ ᠬᠠᠮᠲᠤᠪᠠᠷ ᠠᠰᠢᠭᠯᠠᠬᠤ ᠶᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠬᠡᠷᠡᠭᠯᠡᠬᠦ ᠪᠠᠶᠢᠭᠤᠯᠭ᠎ᠠ ᠲᠣᠭᠲᠠᠭᠠᠯ ᠳᠤ ᠨᠡᠶᠢᠴᠡᠭᠦᠯᠦᠨ ᠵᠥᠪ ᠬᠡᠷᠡᠭᠯᠡᠵᠦ᠂ ᠲᠤᠭ᠎ᠠ ᠪᠠᠷᠢᠮᠲᠠ ᠶᠢ ᠪᠦᠲᠦᠮᠵᠢᠲᠡᠶ ᠠᠰᠢᠭᠯᠠᠬᠤ᠂ ᠠᠮᠤᠷ ᠲᠦᠪᠰᠢᠨ ᠢᠶᠠᠷ ᠬᠠᠳᠠᠭᠠᠯᠠᠬᠤ ᠶᠢ ᠦᠨᠡᠨᠬᠦ ᠪᠠᠲᠤᠯᠠᠨ᠎ᠠ᠃ ︵ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶       ︵ᠳᠥᠷᠪᠡ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ       ⒈ ᠬᠥᠮᠥᠨ ᠠᠮᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠬᠥᠮᠥᠨ ᠠᠮᠠ ᠶᠢᠨ ᠳ᠋ᠠᠶᠢᠲ᠋ᠠ ᠶᠢᠨ ᠰᠠᠭᠤᠷᠢᠨ ᠳᠡᠭᠡᠷ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠮᠥᠨ ᠠᠮᠠ ᠶᠢᠨ ᠡᠷᠦᠬᠡ ᠠᠮᠠ ᠶᠢᠨ ᠮᠡᠳᠡᠭᠡ ᠵᠠᠩᠭᠢ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢ ᠬᠥᠮᠥᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠦᠨᠳᠦᠰᠦᠨ ᠮᠡᠳᠡᠭᠡ ᠵᠠᠩᠭᠢ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠣᠷᠤᠭ ᠤᠨ ᠳᠠᠩᠰᠠᠯᠠᠯ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠮᠥᠨ ᠠᠮᠠ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ ᠶᠢ ᠠᠬᠢᠭᠤᠯᠵᠤ᠂ ᠨᠢᠭᠡᠳᠦᠯᠲᠡᠢ ᠵᠢᠷᠤᠮᠵᠢᠭᠰᠠᠨ᠂ ᠲᠥᠪᠯᠡᠷᠡᠭᠦᠯᠦᠨ ᠪᠠᠶᠢᠷᠢᠯᠠᠭᠤᠯᠤᠭᠰᠠᠨ᠂ ᠠᠮᠤᠷ ᠲᠦᠪᠰᠢᠨ ᠵᠢᠷᠤᠮᠵᠢᠭᠰᠠᠨ᠂ ᠭᠦᠢᠴᠡᠳ ᠬᠠᠮᠲᠤ ᠪᠠᠷ ᠠᠰᠢᠭᠯᠠᠭᠰᠠᠨ ᠬᠥᠮᠥᠨ ᠠᠮᠠ ᠶᠢᠨ ᠰᠠᠭᠤᠷᠢ ᠬᠥᠮᠥᠷᠭᠡ ᠶᠢ ᠪᠠᠶᠢᠭᠤᠯᠤᠨ᠎ᠠ᠃ ᠬᠥᠮᠥᠨ ᠠᠮᠠ ᠶᠢᠨ ᠲᠠᠷᠬᠠᠯᠲᠠ᠂ ᠢᠲᠡᠭᠡᠮᠵᠢ᠂ ᠰᠤᠷᠭᠠᠨ ᠬᠥᠮᠦᠵᠢᠯ᠂ ᠡᠮᠴᠢᠯᠡᠭᠡ᠂ ᠬᠥᠮᠥᠨ ᠤ ᠬᠠᠷᠢᠴᠠᠭ᠎ᠠ ᠵᠡᠷᠭᠡ ᠤᠯᠠᠨ ᠲᠠᠯ᠎ᠠ ᠠᠴᠠ ᠬᠥᠮᠥᠨ ᠠᠮᠠ ᠶᠢᠨ ᠤᠯᠠᠨ ᠲᠠᠯ᠎ᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠵᠦ᠂ ᠬᠥᠮᠥᠨ ᠠᠮᠠ ᠶᠢᠨ ᠮᠡᠳᠡᠭᠡ ᠵᠠᠩᠭᠢ ᠶᠢ ᠲᠥᠪᠯᠡᠷᠡᠭᠦᠯᠬᠦ᠂ ᠨᠢᠭᠡᠳᠬᠡᠬᠦ ᠪᠠ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠂ ᠵᠠᠰᠠᠭ ᠤᠨ ᠣᠷᠳᠣᠨ ᠳᠤ ᠬᠦᠴᠦᠷᠬᠡᠭ ᠶᠡᠭᠡ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠬᠥᠮᠥᠨ ᠠᠮᠠ ᠶᠢᠨ ᠬᠥᠮᠥᠷᠭᠡ ᠶᠢᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢᠨ ᠲᠣᠭᠤᠷᠢᠨ ᠳᠤ᠂ ᠲᠣᠰ ᠪᠠᠶᠢᠭᠤᠯᠭ᠎ᠠ ᠶᠢᠨ ᠢᠶᠠᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ ᠠᠵᠢᠯ ᠢ ᠦᠷᠭᠦᠯᠵᠢᠯᠡᠨ ᠰᠠᠶᠢᠨ ᠬᠢᠨ᠎ᠡ᠃ ︵ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶       ⒉ ᠬᠠᠤᠯᠢ ᠶᠢᠨ ᠡᠷᠬᠡᠲᠡᠨ ᠤ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠬᠠᠤᠯᠢ ᠶᠢᠨ ᠡᠷᠬᠡᠲᠡᠨ ᠤ ᠪᠠᠶᠢᠭᠤᠯᠭ᠎ᠠ ᠨᠢᠭᠡᠴᠢ ᠶᠢᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠮᠡᠳᠡᠭᠡ ᠵᠠᠩᠭᠢ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠬᠡᠲᠡᠨ ᠤ ᠮᠡᠳᠡᠭᠡ ᠵᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠮᠡᠳᠡᠭᠡ ᠵᠠᠩᠭᠢ ᠵᠢᠴᠢ ᠪᠤᠰᠤᠳ ᠪᠠᠶᠢᠭᠤᠯᠭ᠎ᠠ ᠨᠢᠭᠡᠴᠢ ᠶᠢᠨ ᠵᠥᠪᠰᠢᠶᠡᠷᠡᠯ᠂ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠯᠭᠠᠨ ᠣᠷᠣᠭᠤᠯᠵᠤ᠂ ᠲᠣᠮᠣ ᠳ᠋ᠠᠶᠢᠲ᠋ᠠ ᠶᠢᠨ ᠵᠠᠭᠪᠤᠷ ᠪᠠ ᠬᠤᠯᠪᠣᠭᠳᠠᠬᠤ ᠵᠠᠭᠪᠤᠷ ᠢ ᠠᠰᠢᠭᠯᠠᠨ᠂ ︽ᠠᠵᠤ ᠠᠬᠤᠶᠢᠯᠠᠯ ᠤᠨ ᠳᠥᠷᠢ ᠳᠥᠷᠬᠦ︾ ᠶᠢ ᠪᠤᠢ ᠪᠣᠯᠭᠠᠵᠤ᠂ ᠠᠵᠤ ᠠᠬᠤᠶᠢᠯᠠᠯ ᠤᠨ ᠡᠷᠭᠢᠯᠲᠡ ᠶᠢᠨ ᠪᠠᠶᠢᠳᠠᠯ ᠢ ᠣᠨᠣᠪᠴᠢᠲᠠᠶ ᠳᠦᠷᠰᠦᠯᠡᠬᠦ ᠳᠤ ᠲᠥᠬᠦᠮ ᠦᠵᠡᠭᠦᠯᠦᠨ᠂ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠳᠤ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠬᠠᠤᠯᠢ ᠶᠢᠨ ᠡᠷᠬᠡᠲᠡᠨ ᠤ ᠬᠥᠮᠥᠷᠭᠡ ᠶᠢᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠳᠤ ᠲᠣᠭᠤᠷᠢᠭᠤᠯᠤᠨ᠂ ᠲᠣᠰ ᠪᠠᠶᠢᠭᠤᠯᠭ᠎ᠠ ᠶᠢᠨ ᠢᠶᠠᠨ ᠳ᠋ᠠᠶᠢᠲ᠋ᠠ ᠶᠢ ᠦᠷᠭᠦᠯᠵᠢᠯᠡᠨ ᠬᠥᠳᠡᠯᠦᠩᠭᠦᠢ ᠪᠠᠷ ᠰᠠᠶᠢᠨ ᠰᠢᠨᠡᠴᠢᠯᠡᠨ᠎ᠡ᠃ ︵ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶       ⒊ ᠪᠠᠶᠢᠭᠠᠯᠢ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠣᠲᠣ ᠶᠢᠨ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠬᠥᠮᠥᠷᠭᠡ ᠪᠠᠷ ᠰᠠᠭᠤᠷᠢ ᠪᠣᠯᠭᠠᠵᠤ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠡᠯ᠎ᠡ ᠪᠠᠶᠢᠭᠤᠯᠭ᠎ᠠ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠪᠠ ᠰᠢᠰᠲ᠋ᠧᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠮᠡᠳᠡᠭᠡ ᠵᠠᠩᠭᠢ ᠶᠢ ᠲᠥᠪᠯᠡᠷᠡᠭᠦᠯᠦᠨ ᠨᠢᠭᠡᠳᠦᠯᠲᠡᠢ ᠵᠢᠷᠤᠮᠵᠢᠭᠤᠯᠵᠤ ᠬᠠᠮᠢᠶᠠᠷᠤᠨ᠂ ᠬᠤᠲᠠ ᠶᠢᠨ ᠲᠥᠯᠦᠪᠵᠢᠭᠦᠯᠭᠡ ᠪᠠ ᠨᠡᠶᠢᠭᠡᠮ ᠤᠨ ᠬᠠᠮᠢᠶᠠᠷᠤᠯᠲᠠ ᠳᠤ ᠬᠦᠴᠦᠷᠬᠡᠭ ᠶᠡᠭᠡ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠪᠠᠶᠢᠭᠠᠯᠢ ᠶᠢᠨ ᠡᠬᠢ ᠪᠠᠶᠠᠯᠢᠭ ᠤᠨ ᠬᠥᠮᠥᠷᠭᠡ ᠶᠢᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠳᠤ ᠲᠣᠭᠤᠷᠢᠭᠤᠯᠤᠨ᠂ ᠲᠣᠰ ᠪᠠᠶᠢᠭᠤᠯᠭ᠎ᠠ ᠶᠢᠨ ᠢᠶᠠᠨ ᠳ᠋ᠠᠶᠢᠲ᠋ᠠ ᠶᠢ ᠬᠥᠳᠡᠯᠦᠩᠭᠦᠢ ᠪᠠᠷ ᠰᠢᠨᠡᠳᠬᠡᠬᠦ ᠠᠵᠢᠯ ᠢ ᠦᠷᠭᠦᠯᠵᠢᠯᠡᠨ ᠰᠠᠶᠢᠨ ᠬᠢᠨ᠎ᠡ᠃ ︵ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶       ⒋ᠠᠵᠤ ᠠᠬᠤᠢ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠪᠠᠷᠠᠭᠠᠨ ᠤ ᠦᠨ᠎ᠡ ᠵᠡᠷᠭᠡ ᠲᠠᠯ᠎ᠠ ᠪᠠᠷ ᠬᠢ ᠣᠨ ᠤ ᠲᠤᠭ᠎ᠠ ᠪᠠᠷᠢᠮᠲᠠ᠂ ᠰᠠᠷ᠎ᠠ ᠶᠢᠨ ᠲᠤᠭ᠎ᠠ ᠪᠠᠷᠢᠮᠲᠠ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠ ᠲᠤᠰᠬᠠᠢ ᠰᠡᠳᠦᠪᠲᠦ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠠᠵᠤ ᠠᠬᠤᠢ ᠶᠢᠨ ᠪᠠᠶᠢᠳᠠᠯ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠤᠰᠬᠠᠭᠰᠠᠨ ᠵᠢᠭᠠᠯᠲᠠ ᠲᠤᠭ᠎ᠠ ᠪᠠ ᠲᠤᠭ᠎ᠠ ᠪᠠᠷᠢᠮᠲᠠ ᠶᠢ ᠬᠤᠷᠠᠮᠳᠤᠭᠤᠯᠤᠨ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠬᠢᠭᠡᠳ ᠠᠵᠤ ᠠᠬᠤᠶᠢᠯᠠᠯ ᠤᠨ ᠪᠠᠶᠢᠳᠠᠯ ᠳᠤ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠲᠤᠯᠭᠠᠭᠤᠷᠢᠯᠠᠯ ᠬᠠᠩᠭᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠠᠵᠤ ᠠᠬᠤᠢ ᠶᠢᠨ ᠬᠥᠮᠥᠷᠭᠡ ᠶᠢᠨ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠳᠤ ᠲᠣᠭᠤᠷᠢᠭᠤᠯᠤᠨ᠂ ᠲᠣᠰ ᠪᠠᠶᠢᠭᠤᠯᠭ᠎ᠠ ᠶᠢᠨ ᠢᠶᠠᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ ᠠᠵᠢᠯ ᠢ ᠦᠷᠭᠦᠯᠵᠢᠯᠡᠨ ᠰᠠᠶᠢᠨ ᠬᠢᠨ᠎ᠡ᠃ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶       ⒌ ᠡᠮ ᠡᠮᠨᠡᠯᠭᠡ ᠡᠷᠡᠭᠦᠯ ᠮᠡᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠲᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠠᠯᠲᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠶᠢᠨ ᠡᠨᠧᠷᠭᠢ ᠵᠡᠷᠭᠡ ᠬᠦᠷᠢᠶ᠎ᠡ ᠬᠡᠪᠴᠢᠶᠡᠨ ᠳᠠᠬᠢ ᠭᠤᠣᠯ ᠰᠡᠳᠦᠪᠲᠦ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠲᠠᠢ ᠬᠠᠮᠵᠢᠯᠴᠠᠵᠤ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠳ᠋ᠠᠶᠢᠲ᠋ᠠ ᠶᠢ ᠶᠡᠷᠦᠩᠬᠡᠶᠢᠯᠡᠨ  ᠠᠰᠢᠭᠯᠠᠬᠤ ᠪᠠᠷ ᠳᠡᠮᠵᠢᠨ᠂ ᠣᠯᠠᠨ ᠨᠡᠶᠢᠲᠡ ᠶᠢᠨ ᠳ᠋ᠠᠶᠢᠲ᠋ᠠ ᠶᠢ ᠡᠮᠬᠢᠯᠡᠨ ᠨᠡᠶᠢᠯᠡᠭᠦᠯᠬᠦ ᠪᠠ ᠵᠠᠳᠠᠯᠤᠨ ᠬᠡᠷᠡᠭᠯᠡᠬᠦ ᠶᠢ ᠳᠠᠶᠢᠴᠢᠯᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠭᠤᠣᠯ ᠰᠡᠳᠦᠪᠲᠦ ᠬᠥᠮᠥᠷᠭᠡ ᠶᠢᠨ  ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠳᠤ ᠲᠣᠭᠤᠷᠢᠭᠤᠯᠤᠨ᠂ ᠲᠣᠰ ᠪᠠᠶᠢᠭᠤᠯᠭ᠎ᠠ ᠶᠢᠨ ᠢᠶᠠᠨ ᠲᠤᠭ᠎ᠠ ᠪᠠᠷᠢᠮᠲᠠ ᠶᠢᠨ ᠬᠥᠳᠡᠯᠦᠩᠭᠦᠢ ᠰᠢᠨᠡᠴᠢᠯᠡᠯᠲᠡ ᠶᠢ ᠦᠷᠭᠦᠯᠵᠢᠯᠡᠨ  ᠰᠠᠶᠢᠨ ᠬᠢᠨ᠎ᠡ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶       ︵ᠲᠠᠪᠤ︶ ᠣᠯᠠᠨ ᠨᠡᠶᠢᠲᠡ ᠶᠢᠨ ᠳ᠋ᠠᠶᠢᠲ᠋ᠠ ᠶᠢ ᠬᠠᠮᠲᠤᠪᠠᠷ ᠠᠰᠢᠭᠯᠠᠵᠤ ᠰᠣᠯᠢᠯᠴᠠᠬᠤ ᠶᠢ ᠠᠬᠢᠭᠤᠯᠤᠨ᠎ᠠ       ᠤᠯᠠᠨ ᠨᠡᠶᠢᠲᠡ ᠶᠢᠨ ᠳ᠋ᠠᠶᠢᠲ᠋ᠠ ᠶᠢ ᠬᠠᠮᠵᠢᠯᠴᠠᠭᠤᠯᠤᠨ ᠬᠠᠮᠲᠤ ᠪᠠᠷ ᠠᠰᠢᠭᠯᠠᠬᠤ ᠶᠢ ᠭᠦᠨᠵᠡᠭᠡᠢ ᠠᠬᠢᠭᠤᠯᠤᠨ᠎ᠠ᠃ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠬᠤᠰᠢᠭᠤᠨ ᠤ ᠪᠠᠨ ᠳ᠋ᠠᠶᠢᠲ᠋ᠠ ᠶᠢ ᠬᠠᠮᠲᠤ ᠪᠠᠷ ᠠᠰᠢᠭᠯᠠᠬᠤ ᠦᠢᠯᠡᠴᠢᠯᠡᠭᠡ ᠶᠢ ᠣᠶᠤᠨᠴᠢᠯᠠᠬᠤ᠂ ᠨᠠᠷᠢᠯᠢᠭ ᠣᠨᠣᠪᠴᠢᠲᠠᠢ ᠪᠣᠯᠭᠠᠬᠤ᠂ ᠳᠥᠭᠦᠮ ᠳᠥᠲᠡ ᠪᠣᠯᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠳ᠋ᠠᠶᠢᠲ᠋ᠠ ᠶᠢᠨ ᠰᠦᠯᠵᠢᠶᠡᠨ ᠳᠡᠭᠡᠷᠡᠬᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯ ᠢ ᠥᠷᠨᠢᠭᠦᠯᠦᠨ᠎ᠡ᠃ ᠬᠡᠷᠡᠭᠯᠡᠭᠡ ᠪᠠᠷ ᠬᠥᠲᠥᠯᠥᠮᠵᠢ ᠪᠣᠯᠭᠠᠵᠤ᠂ ᠣᠯᠠᠨ ᠨᠡᠶᠢᠲᠡ ᠶᠢᠨ ᠳ᠋ᠠᠶᠢᠲ᠋ᠠ ᠪᠠ ᠨᠡᠶᠢᠭᠡᠮ ᠤᠨ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠢ ᠠᠬᠢᠭᠤᠯᠤᠨ᠂ ᠨᠡᠶᠢᠭᠡᠮ ᠤᠨ ᠳ᠋ᠠᠶᠢᠲ᠋ᠠ ᠶᠢ ︽ᠨᠢᠭᠡᠳᠦᠯᠲᠡᠢ ᠴᠤᠭᠯᠠᠭᠤᠯᠵᠤ ᠬᠠᠮᠲᠤᠪᠠᠷ ᠬᠡᠷᠡᠭᠯᠡᠬᠦ︾ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠨᠡᠶᠢᠭᠡᠮ ᠤᠨ ᠳ᠋ᠠᠶᠢᠲ᠋ᠠ ᠶᠢ ᠬᠠᠮᠲᠤᠪᠠᠷ ᠠᠰᠢᠭᠯᠠᠬᠤ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠂ ᠤᠯᠤᠰ᠂ ᠣᠷᠣᠨ ᠨᠤᠲᠤᠭ᠂ ᠪᠠᠶᠢᠭᠤᠯᠭ᠎ᠠ᠂ ᠠᠵᠤ ᠠᠬᠤᠶᠢᠯᠠᠯ ᠵᠡᠷᠭᠡ ᠠᠳᠠᠯᠢ ᠪᠤᠰᠤ ᠲᠠᠰ ᠳᠠᠪᠬᠤᠷᠭ᠎ᠠ ᠶᠢᠨ ᠳ᠋ᠠᠶᠢᠲ᠋ᠠ ᠶᠢ ᠬᠠᠮᠵᠢᠯᠴᠠᠨ ᠬᠠᠮᠲᠤᠪᠠᠷ ᠠᠰᠢᠭᠯᠠᠬᠤ ᠲᠣᠭᠲᠠᠴᠠ ᠶᠢ ᠪᠣᠶ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠢ ᠪᠣᠯ᠂ ᠪᠠᠶᠢᠭᠤᠯᠭ᠎ᠠ ᠨᠤᠭᠤᠳ ᠪᠤᠰᠤᠳ ᠨᠢᠭᠡᠴᠢ ᠶᠢᠨ ᠳᠤᠷᠠᠳᠤᠭᠰᠠᠨ ᠳ᠋ᠠᠶᠢᠲ᠋ᠠ ᠶᠢ ᠬᠠᠮᠲᠤᠪᠠᠷ ᠠᠰᠢᠭᠯᠠᠬᠤ ᠭᠤᠶᠤᠴᠢᠯᠠᠯ ᠢ ᠲᠡᠪᠴᠢᠵᠦ ᠪᠣᠯᠬᠤ ᠦᠭᠡᠢ᠃ ︵ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶       ︵ᠵᠢᠷᠭᠤᠭ᠎ᠠ︶ ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠶᠢ ᠠᠬᠢᠭᠤᠯᠤᠨ᠎ᠠ       ᠤᠯᠠᠨ ᠨᠡᠶᠢᠲᠡ ᠶᠢᠨ ᠳ᠋ᠠᠶᠢᠲ᠋ᠠ ᠶᠢ ᠡᠮᠬᠢ ᠵᠢᠷᠤᠮ ᠲᠠᠢ ᠪᠠᠷ ᠨᠡᠭᠡᠭᠡᠯᠲᠡ ᠲᠠᠢ ᠪᠣᠯᠭᠠᠬᠤ ᠶᠢ ᠠᠬᠢᠭᠤᠯᠤᠨ᠎ᠠ᠃ ᠨᠡᠭᠡᠭᠡᠯᠲᠡ ᠲᠠᠢ ᠪᠣᠯᠭᠠᠬᠤ ᠲᠠᠪᠴᠠᠩ ᠢ ᠪᠠᠶᠢᠭᠤᠯᠬᠤ ᠪᠠᠷ ᠲᠣᠬᠢᠶᠠᠯ ᠪᠣᠯᠭᠠᠨ᠂ ᠪᠥᠬᠦ ᠬᠤᠰᠢᠭᠤᠨ ᠤ 6 ᠰᠤᠮᠤ ᠪᠠᠯᠭᠠᠰᠤ᠂ 37 ᠵᠠᠰᠠᠭ ᠵᠠᠬᠢᠷᠭᠠᠨ ᠤ ᠨᠢᠭᠡᠴᠢ᠂ 163 ᠠᠵᠢᠯ ᠦᠢᠯᠡᠰ ᠤᠨ ᠪᠠᠶᠢᠭᠤᠯᠤᠮᠵᠢ ᠶᠢ ᠪᠠᠭᠲᠠᠭᠠᠭᠰᠠᠨ ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠬᠤ ᠬᠠᠮᠵᠢᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠪᠥᠬᠦ ᠬᠤᠰᠢᠭᠤᠨ ᠤ ᠨᠢᠭᠡᠳᠦᠯᠲᠡᠢ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠯᠲᠡ ᠲᠠᠢ ᠪᠣᠯᠭᠠᠬᠤ ᠴᠣᠩᠬᠤ ᠶᠢ ᠪᠣᠶ ᠪᠣᠯᠭᠠᠨ᠂ ᠲᠥᠪᠯᠡᠷᠡᠭᠦᠯᠦᠨ ᠨᠡᠭᠡᠭᠡᠵᠦ ᠪᠣᠯᠬᠤ ᠣᠯᠠᠨ ᠨᠡᠶᠢᠲᠡ ᠶᠢᠨ ᠳ᠋ᠠᠶᠢᠲ᠋ᠠ ᠶᠢ ᠲᠥᠪᠯᠡᠷᠡᠭᠦᠯᠦᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠲᠤᠰᠬᠠᠢ ᠰᠡᠳᠦᠪᠲᠦ ᠡᠬᠢ ᠪᠠᠶᠠᠯᠢᠭ ᠢ ᠳᠡᠯᠭᠡᠨ ᠦᠵᠡᠭᠦᠯᠦᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠳ᠋ᠠᠶᠢᠲ᠋ᠠ ᠶᠢᠨ ᠦᠨᠳᠦᠰᠦᠨ ᠳᠦᠷᠢᠮ ᠢ ᠪᠠᠶᠢᠭᠤᠯᠵᠤ ᠳ᠋ᠠᠶᠢᠲ᠋ᠠ ᠶᠢᠨ ᠬᠦᠴᠦᠨ ᠵᠦᠢᠯ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠢ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠬᠦᠴᠦᠨ ᠵᠦᠢᠯ ᠢ ᠭᠦᠢᠯᠭᠡᠭᠡᠯᠡᠬᠦ ᠠᠵᠢᠯ ᠤᠨ ᠱᠠᠭᠠᠷᠳᠠᠯᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠷᠬᠡ ᠣᠯᠭᠤᠨ ᠡᠵᠡᠩᠨᠡᠬᠦ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠵᠣᠷᠢᠭᠵᠢᠭᠤᠯᠤᠨ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠣᠢ ᠪᠣᠯᠭᠠᠨ᠂ ᠣᠯᠠᠨ ᠨᠡᠶᠢᠲᠡ ᠶᠢᠨ ᠳ᠋ᠠᠶᠢᠲ᠋ᠠ ᠶᠢᠨ ᠬᠦᠴᠦᠨ ᠵᠦᠢᠯ ᠤᠨ ᠠᠷᠠᠯᠵᠢᠶ᠎ᠠ ᠶᠢᠨ ᠭᠦᠢᠯᠭᠡᠭᠡᠨ ᠤ ᠪᠠᠷᠢᠮᠵᠢᠶ᠎ᠠ᠂ ᠳᠦᠷᠢᠮ ᠢ ᠠᠯᠬᠤᠮ ᠠᠯᠬᠤᠮ ᠢᠶᠠᠷ ᠲᠣᠭᠲᠠᠭᠠᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠳᠠᠯᠳᠠ ᠴᠢᠳᠠᠪᠤᠷᠢ ᠶᠢ ᠬᠥᠭᠵᠢᠭᠡᠨ᠂ ᠣᠯᠠᠨ ᠨᠡᠶᠢᠲᠡ ᠶᠢᠨ ᠳ᠋ᠠᠶᠢᠲ᠋ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠲᠦᠮᠵᠢᠲᠡᠶ ᠬᠠᠩᠭᠠᠬᠤ᠂ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠨ᠎ᠠ᠃ ︵ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠠᠴᠠ ᠲᠥᠷᠦᠭᠦᠯᠡᠨ ᠬᠢᠵᠤ᠂ ᠡᠯ᠎ᠡ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠂ ᠦᠷᠭᠦᠯᠵᠢᠯᠡᠨ ᠠᠬᠢᠭᠤᠯᠤᠨ᠎ᠠ︶       ︵ᠲᠤᠯᠤᠭ᠎ᠠ︶ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ      ᠰᠦᠯᠵᠢᠶᠡᠨ ᠤ ᠮᠡᠳᠡᠭᠡ ᠵᠠᠩᠭᠢᠴᠢᠯᠠᠯᠳᠡ᠂ ᠳᠣᠲᠣᠭᠠᠳᠤ ᠶᠢ ᠬᠠᠮᠠᠭᠠᠯᠠᠬᠤ᠂ ᠲᠣᠮᠣ ᠳ᠋ᠠᠶᠢᠲ᠋ᠠ ᠶᠢᠨ ᠪᠠᠶᠢᠭᠤᠯᠭ᠎ᠠ ᠤᠯᠠᠨ ᠨᠡᠶᠢᠲᠡ ᠶᠢᠨ ᠳ᠋ᠠᠶᠢᠲ᠋ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠵᠢᠯᠣᠭᠤᠳᠤᠨ ᠠᠬᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠳᠦᠷᠢᠮ ᠤᠨ ᠵᠢᠷᠤᠮᠵᠢᠯ ᠢ ᠪᠠᠶᠢᠭᠤᠯᠵᠤ ᠪᠦᠷᠢᠨᠰᠢᠭᠦᠯᠤᠨ᠂ ᠲᠠᠪᠴᠠᠩ ᠤᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠡᠷᠭᠢᠯᠲᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠪᠠ ᠮᠡᠷᠭᠡᠵᠢᠯ ᠤᠨ ᠰᠡᠷᠭᠡᠶᠢᠯᠡᠯᠲᠡ ᠬᠠᠮᠠᠭᠠᠯᠠᠯᠲᠠ ᠶᠢᠨ ᠠᠷᠭ᠎ᠠ ᠪᠠᠷᠢᠯ ᠢ ᠲᠣᠭᠲᠠᠭᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠬᠡᠨ ᠬᠠᠮᠢᠶᠠᠷᠪᠠᠯ ᠬᠡᠨ ᠬᠠᠷᠢᠭᠤᠴᠠᠬᠤ︾ ᠪᠠ ︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠡᠷᠭᠢᠯᠲᠡ ᠶᠢᠨ ᠪᠥᠬᠦ ᠶᠠᠪᠤᠴᠠ ᠳᠠᠬᠢ ᠡᠯ᠎ᠡ ᠲᠠᠯ᠎ᠠ ᠶᠢᠨ ᠬᠢᠨ ᠤ ᠡᠷᠬᠡ ᠡᠭᠦᠷᠭᠡ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ︵ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠡ ᠶᠢᠨ ᠵᠥᠪᠯᠡᠯ ᠤᠨ ᠠᠯᠪᠠᠨ ᠭᠡᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶       ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠢᠯ ᠡᠭᠦᠷᠭᠡ  ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠭᠠᠷᠳᠠᠨ ᠵᠢᠯᠤᠭᠤᠳᠤᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ   ᠬᠠᠷᠢᠭᠤᠴᠠᠯᠭᠠᠲᠠᠨ ᠲᠣᠰ ᠪᠠᠶᠢᠭᠤᠯᠭ᠎ᠠ ᠶᠢᠨ ᠢᠶᠠᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ ᠪᠦᠷᠢᠨᠰᠢᠭᠦᠯᠣᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭ᠎ᠠ ᠠᠳᠬᠤᠵᠤ ᠨᠠᠶᠢᠳᠠᠪᠤᠷᠢᠵᠢᠭᠤᠯᠤᠨ᠎ᠠ᠃      ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠵᠠᠷᠤᠳᠠᠯ ᠲᠣᠬᠢᠷᠠᠭᠤᠯᠤᠨ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠳᠡᠮᠵᠢᠵᠦ᠂ ᠣᠯᠠᠨ ᠨᠡᠶᠢᠲᠡ ᠶᠢᠨ ᠳ᠋ᠠᠶᠢᠲ᠋ᠠ ᠶᠢ ᠴᠤᠭᠯᠠᠭᠤᠯᠬᠤ᠂ ᠰᠢᠢᠳᠪᠦᠷᠢᠯᠡᠬᠦ᠂ ᠬᠠᠮᠲᠤᠪᠠᠷ ᠠᠰᠢᠭᠯᠠᠬᠤ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠭᠤᠣᠯᠳᠠᠯᠭ᠎ᠠ ᠲᠠᠢ ᠪᠠᠲᠤᠯᠠᠨ᠎ᠠ᠃       ︵ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠳ᠋ᠠᠶᠢᠲ᠋ᠠ ᠶᠢᠨ ᠬᠠᠮᠢᠶᠠᠷᠤᠯᠲᠠ ᠪᠠᠷ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠬᠡᠷᠡᠭᠵᠢᠭᠦᠯᠬᠦ ᠲᠥᠰᠥᠯ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠢᠯ ᠤᠨ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃       ︵ᠳᠥᠷᠪᠡ︶ ᠱᠠᠭᠠᠷᠳᠠᠨ ᠪᠠᠶᠢᠴᠠᠭᠠᠯᠲᠠ ᠬᠢᠨᠠᠨ ᠰᠢᠯᠭᠠᠷᠠᠭᠤᠯᠤᠯᠲᠠ ᠶᠢ ᠴᠢᠩᠭᠠᠷᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠨ᠂ ᠠᠰᠠᠭᠤᠳᠠᠯ ᠢ ᠢᠯᠡᠷᠡᠭᠦᠯᠵᠦ᠂ ᠮᠥᠷᠳᠡᠵᠦ ᠠᠬᠢᠭᠤᠯᠤᠨ᠂ ᠤᠳᠤᠷᠢᠳᠬᠤ ᠳᠤᠭᠤᠶᠢᠯᠠᠩ ᠳᠤ ᠬᠠᠮᠢᠶ᠎ᠠ ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ  ᠮᠡᠳᠡᠭᠦᠯᠦᠨ᠎ᠡ᠃ ᠬᠦᠴᠦᠲᠡᠢ ᠠᠷᠭ᠎ᠠ ᠪᠠᠷᠢᠯ ᠠᠪᠤᠭᠰᠠᠨ ᠦᠭᠡᠢ᠂ ᠰᠢᠮᠲᠠᠨ ᠠᠵᠢᠯᠯᠠᠭᠰᠠᠨ ᠦᠭᠡᠢ᠂ ᠬᠠᠷᠢᠭᠤᠴᠠᠯᠭ᠎ᠠ ᠪᠠᠨ ᠬᠠᠷᠢᠯᠴᠠᠨ ᠲᠦᠯᠭᠢᠯᠴᠡᠭᠡᠳ ᠪᠥᠬᠦ ᠬᠤᠰᠢᠭᠤᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢ ᠨᠥᠯᠥᠭᠡᠯᠡᠭᠰᠡᠨ ᠭᠠᠵᠠᠷ ᠣᠷᠣᠨ ᠪᠠ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠵᠢᠴᠢ ᠬᠤᠪᠢᠶᠡᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠠᠴᠠ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠵᠦ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃       ᠬᠠᠮᠢᠶ᠎ᠠ ᠪᠦᠬᠦᠢ ᠲᠥᠷᠥ ᠶᠢᠨ ᠪᠣᠳᠣᠯᠭ᠎ᠠ / ᠲᠠᠶᠢᠯᠤᠮᠵᠢ᠄ ᠣᠲᠤᠭ ᠬᠤᠰᠢᠭᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ