ᠸᠠᠩᠴᠤᠭᠰᠡᠷᠡᠩ
ᠨᠡᠶᠢᠲᠡᠯᠡᠭᠰᠡᠨ ᠴᠠᠭ᠄
2024/1/5
      ᠸᠠᠩᠴᠤᠭᠰᠡᠷᠡᠩ᠄ ᠮᠣᠩᠭᠤᠯ ᠦᠨᠳᠦᠰᠦᠲᠡᠨ᠂ ᠡᠷᠡᠭᠲᠡᠢ᠂ ᠪᠤᠷᠵᠢᠭᠢᠨ ᠣᠪᠣᠭᠲᠠᠨ᠂ ᠬᠢᠲᠠᠳ ᠨᠡᠷ᠎ᠡ ᠨᠢ ᠪᠣᠤ ᠵᠧᠨ ᠰᠢᠤ ᠭᠡᠳᠡᠭ᠃ ᠣᠳᠣ ᠶᠢᠨ ᠣᠲᠤᠭ ᠤᠨ ᠡᠮᠦᠨᠡᠲᠦ ᠬᠤᠰᠢᠭᠤᠨ ᠤ ᠵᠤᠤᠬ᠎ᠠ ᠰᠤᠮᠤᠨ ᠤ ᠬᠦᠮᠦᠨ᠂ ᠢᠵᠠᠭᠤᠷᠲᠠᠨ ᠤ ᠭᠡᠷ ᠲᠤ ᠲᠥᠷᠦᠵᠦ ᠥᠰᠴᠡᠢ᠃ ᠴᠢᠩ ᠣᠯᠤᠰ ᠤᠨ ᠬᠡᠪᠲᠦ ᠶᠣᠰᠣᠲᠦ ᠶᠢᠨ ᠭᠤᠷᠪᠠᠳᠤᠭᠠᠷ ᠣᠨ ︵1911 ᠣᠨ︶ ᠳᠤ ᠣᠲᠤᠭ ᠬᠤᠰᠢᠭᠤᠨ ᠤ ᠳᠡᠳ᠋ ᠲᠤᠰᠠᠯᠠᠭᠴᠢ ᠪᠣᠯᠵᠦ᠂ ᠢᠷᠭᠡᠨ ᠤᠯᠤᠰ ᠤᠨ ᠠᠷᠪᠠᠨ ᠵᠢᠷᠭᠤᠳᠤᠭᠠᠷ ᠣᠨ ︵1927 ᠣᠨ︶ ᠳᠤ ᠣᠲᠤᠭ ᠬᠤᠰᠢᠭᠤᠨ ᠤ ᠵᠡᠭᠦᠨ ᠲᠤᠰᠠᠯᠠᠭᠴᠢ ᠪᠣᠯᠵᠡᠢ᠃ ᠢᠷᠭᠡᠨ ᠤᠯᠤᠰ ᠤᠨ ᠭᠤᠴᠢᠨ ᠬᠤᠶᠠᠳᠤᠭᠠᠷ ᠣᠨ ︵1943 ᠣᠨ︶ ᠳᠤ ᠬᠤᠰᠢᠭᠤ ᠸᠠᠩ ᠸᠠᠩᠵᠢᠨᠵᠠᠪ ᠨᠠᠰᠤ ᠨᠥᠭᠴᠢᠭᠰᠡᠨ ᠳᠤ᠂ ᠴᠢᠭᠤᠯᠭᠠᠨ ᠤ ᠭᠠᠵᠠᠷ ᠠᠴᠠ ᠸᠠᠩᠴᠤᠭᠰᠡᠷᠡᠩ ᠢᠶᠠᠷ ᠬᠤᠰᠢᠭᠤ ᠲᠠᠮᠠᠭ᠎ᠠ ᠶᠢ ᠲᠦᠷ ᠬᠠᠮᠢᠶᠠᠷᠤᠭᠤᠯᠵᠠᠢ᠃ ᠠᠳᠡ ᠠᠴᠠ ᠡᠬᠢᠯᠡᠭᠡᠳ ᠲᠡᠷᠡ ᠣᠷᠣᠯᠠᠭᠴᠢ ᠵᠠᠰᠠᠭ ᠪᠣᠯᠵᠦ ᠬᠤᠰᠢᠭᠤᠨ ᠤ ᠠᠯᠪᠠᠨ ᠢ ᠡᠷᠬᠢᠯᠡᠨ ᠶᠠᠪᠤᠭᠤᠯᠵᠠᠢ᠃ ᠸᠠᠩᠴᠢᠨᠵᠠᠪ ᠤᠨ ᠲᠡᠭᠦᠦ᠂ ᠪᠠᠷᠠᠭᠤᠨ ᠲᠤᠰᠠᠯᠠᠭᠴᠢ ᠶᠠᠩᠰᠠᠨᠵᠠᠪ ᠶᠡᠭᠡ ᠳᠤᠷ᠎ᠠ ᠦᠭᠡᠶᠢᠴᠡᠵᠦ᠂ ᠲᠠᠮᠠᠭ᠎ᠠ ᠬᠠᠮᠢᠶᠠᠷᠬᠤ ᠡᠷᠬᠡ ᠶᠢ ᠪᠡᠶ᠎ᠡ ᠳᠡᠭᠡᠨ ᠡᠵᠡᠮᠰᠢᠬᠦ ᠶᠢᠨ ᠲᠥᠯᠥᠭᠡ᠂ ᠠᠷᠭᠠᠳᠠᠬᠤ᠂ ᠵᠠᠭᠠᠯᠳᠤᠬᠤ᠂ ᠠᠶᠤᠯᠭᠠᠨ ᠰᠦᠷᠳᠡᠭᠦᠯᠬᠦ ᠵᠡᠷᠭᠡ ᠠᠷᠪᠢᠨ ᠵᠦᠢᠯ ᠤᠨ ᠠᠷᠭ᠎ᠠ ᠪᠠᠰᠢᠷ ᠬᠡᠷᠡᠭᠯᠡᠵᠦ᠂ ᠲᠡᠭᠦᠨ ᠢ ᠰᠢᠬᠠᠮᠳᠠᠭᠤᠯᠵᠤ ᠪᠠᠶᠢᠭᠠᠳ ᠲᠠᠮᠠᠭ᠎ᠠ ᠶᠢ ᠨᠢ ᠲᠤᠰᠢᠶᠠᠯᠭᠠᠬᠤ ᠭᠡᠵᠡᠢ᠃ ᠶᠠᠩᠰᠠᠨᠵᠠᠪ ᠵᠡᠷᠯᠢᠭ ᠰᠠᠨᠠᠭ᠎ᠠ ᠲᠠᠢ᠂ ᠬᠠᠷ᠎ᠠ ᠬᠤᠣᠷ ᠲᠠᠢ ᠪᠥᠭᠡᠳ ᠭᠤᠮᠢᠨᠳᠠᠩ ᠤᠨ ᠲᠠᠩᠨᠠᠭᠤᠯ ᠤᠨ ᠡᠵᠡᠮᠳᠡᠯ ᠳᠤ ᠪᠠᠶᠢᠬᠤ ᠶᠢ ᠸᠠᠩᠴᠤᠭᠰᠡᠷᠡᠩ ᠰᠠᠶᠢᠨ ᠮᠡᠳᠡᠬᠦ ᠲᠤᠯᠠ ᠬᠤᠰᠢᠭᠤᠨ ᠤ ᠲᠠᠮᠠᠭ᠎ᠠ ᠬᠡᠷᠪᠡ ᠶᠠᠩᠰᠠᠨᠵᠠᠪ ᠤᠨ ᠭᠠᠷ ᠲᠤ ᠣᠷᠣᠪᠠᠯ ᠣᠲᠤᠭ ᠬᠤᠰᠢᠭᠤ ᠳᠠᠷᠤᠢ ᠬᠠᠭᠠᠴᠠᠯ ᠭᠠᠷᠤᠨ᠎ᠠ ᠭᠡᠵᠦ ᠦᠵᠡᠵᠦ ᠪᠠᠶᠢᠪᠠ᠃ ᠢᠩᠭᠢᠭᠡᠳ ᠸᠠᠩᠴᠤᠭᠰᠡᠷᠡᠩ ᠰᠠᠨᠠᠭᠠᠴᠢᠯᠠᠭ᠎ᠠ ᠠᠴᠠ ᠪᠠᠨ ᠡᠪ ᠬᠠᠮᠲᠤ ᠨᠠᠮ ᠲᠠᠢ ᠬᠠᠷᠢᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠪᠢᠶᠠᠨ ᠣᠷᠣᠨ ᠤ ᠣᠨᠴᠣᠭᠤᠢ ᠬᠤᠷᠢᠶ᠎ᠠ ᠪᠣᠯᠣᠨ ᠣᠲᠤᠭ ᠬᠤᠰᠢᠭᠤᠨ ᠤ ᠠᠵᠢᠯᠯᠠᠬᠤ ᠬᠤᠷᠢᠶ᠎ᠠ ᠶᠢᠨ ᠳᠡᠮᠵᠢᠯᠭᠡ ᠳᠣᠣᠷ᠎ᠠ ᠬᠤᠰᠢᠭᠤ ᠲᠠᠮᠠᠭ᠎ᠠ ᠪᠠᠨ ᠬᠠᠷᠠᠲᠤᠯᠤᠭᠠᠢ ︵ᠣᠳᠣ ᠶᠢᠨ ᠪᠣᠷᠣᠪᠠᠯᠭᠠᠰᠤ ᠰᠤᠮᠤ ᠶᠢᠨ ᠰᠢᠨ᠎ᠡ ᠴᠠᠶᠢᠵᠠ︶ ᠳᠤ ᠰᠢᠯᠵᠢᠭᠦᠯᠦᠨ ᠬᠠᠮᠠᠭᠠᠯᠠᠵᠤ᠂ ᠣᠲᠤᠭ ᠬᠤᠰᠢᠭᠤᠨ ᠤ ᠤᠯᠤᠰ ᠲᠥᠷᠥ ᠶᠢᠨ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠵᠠᠢ᠃      ᠶᠠᠩᠰᠠᠨᠵᠠᠪ ᠴᠢᠭᠤᠯᠭᠠᠨ ᠳᠠᠷᠤᠭ᠎ᠠ ᠶᠢᠨ ᠭᠠᠵᠠᠷ ᠳᠠᠬᠢᠨ ᠲᠠᠪᠲᠠᠨ ᠡᠷᠭᠦᠯᠲᠡ ᠪᠢᠴᠢᠵᠦ᠂ ︽ᠬᠤᠰᠢᠭᠤᠨ ᠤ ᠬᠡᠷᠡᠭ ᠢ ᠡᠵᠡᠨ ᠮᠡᠳᠡᠵᠦ᠂ ᠳᠤᠷ᠎ᠠ ᠪᠠᠷ ᠠᠭᠠᠰᠢᠯᠠᠨ᠂ ᠬᠡᠷᠡᠭ ᠤᠴᠢᠷ ᠢ ᠠᠳᠡᠭᠦᠦ ᠰᠢᠢᠳᠪᠦᠷᠢᠯᠡᠪᠡ︾ ᠬᠡᠮᠡᠨ ᠸᠠᠩᠴᠤᠭᠰᠡᠷᠡᠩ ᠢ ᠵᠠᠭᠠᠯᠳᠤᠭᠰᠠᠨ ᠪᠥᠭᠡᠳ ᠭᠤᠮᠢᠨᠳᠠᠩ ᠠᠴᠠ ᠴᠤ ᠲᠤᠰᠬᠠᠢ ᠲᠤᠰᠢᠶᠠᠯᠲᠡᠨ ᠲᠣᠮᠢᠯᠠᠨ ᠢᠷᠡᠭᠦᠯᠵᠦ᠂ ᠶᠠᠩᠰᠠᠨᠵᠠᠪ ᠢ ᠳᠡᠮᠵᠢᠵᠦ ᠪᠠᠶᠢᠪᠠ᠃ 1946 ᠣᠨ ᠳᠤ ᠴᠢᠭᠤᠯᠭᠠᠨ ᠳᠠᠷᠤᠭ᠎ᠠ ᠲᠦᠪᠰᠢᠨᠵᠢᠷᠭᠠᠯ ᠠᠯᠪᠠᠨ ᠪᠢᠴᠢᠭ ᠢᠷᠡᠭᠦᠯᠵᠦ᠂ ᠬᠤᠰᠢᠭᠤᠨ ᠤ ᠲᠠᠮᠠᠭ᠎ᠠ ᠪᠠᠨ ᠶᠠᠩᠰᠠᠨᠵᠠᠪ ᠲᠤ ᠲᠤᠰᠢᠶᠠᠰᠤᠭᠠᠢ ᠭᠡᠵᠡᠢ᠃ 1946 ᠣᠨ ᠤ 6 ᠳ᠋ᠤᠭᠠᠷ ᠰᠠᠷ᠎ᠠ ᠳᠤ ᠪᠣᠯᠣᠭᠰᠠᠨ ᠬᠤᠰᠢᠭᠤ ᠲᠠᠮᠠᠭ᠎ᠠ ᠶᠢᠨ ᠪᠦᠷᠢᠳᠦᠯ ᠳᠡᠭᠡᠷ᠎ᠡ᠂ ᠸᠠᠩᠴᠤᠭᠰᠡᠷᠡᠩ ᠨᠢᠭᠡᠨᠲᠡ ᠬᠡᠷᠡᠭᠯᠡᠬᠦ ᠪᠠᠨ ᠵᠣᠭᠰᠣᠭᠰᠠᠨ ᠴᠢᠩ ᠤᠯᠤᠰ ᠤᠨ ᠦᠶ᠎ᠡ ᠶᠢᠨ ᠮᠥᠩᠭᠦᠨ ᠲᠠᠮᠠᠭ᠎ᠠ ᠶᠢ ᠲᠤᠰᠢᠶᠠᠵᠤ᠂ ᠲᠤᠬᠠᠢ ᠶᠢᠨ ᠦᠶ᠎ᠡ ᠳᠤ ᠬᠡᠷᠡᠭᠯᠡᠵᠦ ᠪᠠᠶᠢᠭᠰᠠᠨ ᠭᠤᠮᠢᠨᠳᠠᠩ ᠤᠨ ᠵᠠᠰᠠᠭ ᠤᠨ ᠭᠠᠵᠠᠷ ᠠᠴᠠ ᠣᠯᠭᠤᠭᠰᠠᠨ ᠭᠠᠤᠯᠢᠨ ᠲᠠᠮᠠᠭ᠎ᠠ ᠪᠠᠨ ᠲᠤᠰᠢᠶᠠᠭᠰᠠᠨ ᠦᠭᠡᠢ ᠪᠠᠷ ᠴᠢᠭᠤᠯᠭᠠᠨ ᠤ ᠵᠠᠷᠯᠢᠭ ᠢ ᠠᠷᠭᠠᠴᠠᠭᠠᠨ ᠥᠩᠭᠡᠷᠡᠭᠦᠯᠵᠡᠢ᠃ ᠳᠠᠷᠠᠭ᠎ᠠ ᠵᠢᠯ ᠤᠨ ᠬᠢᠨᠢ ᠨᠠᠮᠤᠷ ᠶᠠᠩᠰᠠᠨᠵᠠᠪ ᠲᠤᠰᠢᠶᠠᠯ ᠠᠴᠠ ᠪᠠᠨ ᠤᠭᠴᠠᠷᠠᠭᠳᠠᠭᠰᠠᠨ ᠤ ᠳᠠᠷᠠᠭ᠎ᠠ ᠰᠠᠶ᠋ᠢ ᠭᠠᠤᠯᠢᠨ ᠲᠠᠮᠠᠭ᠎ᠠ ᠶᠢ ᠬᠤᠰᠢᠭᠤ ᠵᠠᠬᠢᠷᠤᠭᠴᠢ ᠴᠣᠭᠵᠢᠯᠨᠤᠷᠪᠤ ᠳᠤ ᠲᠤᠰᠢᠶᠠᠵᠠᠢ᠃ 1949 ᠣᠨ ᠤ 8 ᠳ᠋ᠤᠭᠠᠷ ᠰᠠᠷ᠎ᠠ ᠳᠤ ᠣᠲᠤᠭ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠵᠦ᠂ 9 ᠳ᠋ᠦ᠋ᠭᠡᠷ ᠰᠠᠷ᠎ᠠ ᠳᠤ ᠸᠠᠩᠴᠤᠭᠰᠡᠷᠡᠩ ᠣᠲᠤᠭ ᠬᠤᠰᠢᠭᠤᠨ ᠤ ᠲᠦᠷ ᠴᠠᠭ ᠤᠨ ᠥᠪᠡᠷᠲᠡᠭᠡᠨ ᠵᠠᠰᠠᠬᠤ ᠠᠷᠠᠳ ᠤᠨ ᠵᠠᠰᠠᠭ ᠤᠨ ᠣᠷᠳᠣᠨ ᠤ ᠡᠷᠬᠢᠯᠡᠭᠴᠢ ᠪᠣᠯᠵᠦ᠂ 1950 ᠣᠨ ᠤ 2 ᠳ᠋ᠤᠭᠠᠷ ᠰᠠᠷ᠎ᠠ ᠳᠤ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠠᠷ ᠰᠣᠩᠭᠤᠭᠳᠠᠭᠠᠳ ᠮᠥᠨ ᠵᠢᠯ ᠡᠪᠡᠳᠴᠢᠨ ᠢᠶᠠᠷ ᠨᠠᠰᠤ ᠪᠠᠷᠠᠵᠠᠢ᠃            ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ