11 ᠰᠠᠷ᠎ᠠ ᠶᠢᠨ 6 ᠤ ᠡᠳᠦᠷ᠂ ᠶᠢᠰᠦᠳᠦᠭᠡᠷ ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯᠡᠰ ᠤᠨ ᠲᠥᠪᠯᠡᠷᠡᠭᠦᠯᠦᠨ ᠬᠤᠳᠠᠯᠳᠤᠨ | ᠠᠪᠤᠯᠲᠠ ᠶᠢᠨ ᠰᠣᠩᠭᠤᠯᠲᠠ ᠶᠢᠨ ᠲᠥᠯᠥᠪᠯᠡᠭᠡᠨ ᠤ ᠦᠷ᠎ᠡ ᠳ᠋ᠦᠩ ᠨᠢ ᠱᠠᠩᠬᠠᠢ ᠳᠤ ᠭᠠᠷᠴᠠᠢ᠃ ᠲᠣᠰ ᠤᠳᠠᠭ᠎ᠠ ᠳᠤ 41 ᠵᠦᠢᠯ ᠤᠨ ᠡᠮ ᠤᠨ ᠵᠦᠢᠯᠡᠰ | ᠬᠠᠮᠤᠷᠤᠭᠳᠠᠵᠤ᠂ ᠰᠣᠩᠭᠤᠯᠲᠠ ᠶᠢᠨ ᠲᠥᠯᠥᠪᠯᠡᠭᠡᠨ ᠳᠤ ᠣᠷᠣᠭᠰᠠᠨ ᠡᠮ ᠤᠨ ᠵᠦᠢᠯᠡᠰ ᠤᠨ ᠦᠨ᠎ᠡ ᠨᠢ ᠳᠤᠮᠳᠠᠴᠢ ᠪᠠᠷ 58% ᠪᠠᠷ ᠬᠢᠮᠳᠠᠷᠠᠪᠠ᠂ ᠵᠢᠱᠢᠯᠲᠡ ᠪᠠᠷ | ᠡᠨᠡ ᠨᠢ ᠵᠢᠯ ᠪᠦᠷᠢ 182 ᠳ᠋ᠦᠩᠰᠢᠭᠤᠷ ᠲᠥᠭᠦᠷᠢᠭ ᠤᠨ ᠡᠮ ᠤᠨ ᠵᠦᠢᠯᠡᠰ ᠤᠨ ᠵᠠᠷᠤᠳᠠᠯ ᠢ ᠠᠷᠪᠢᠯᠠᠬᠤ ᠪᠣᠯᠣᠨ᠎ᠠ᠃ ᠡᠮ ᠡᠮᠨᠡᠯᠭᠡ ᠶᠢᠨ ᠠᠵᠤ ᠠᠬᠤᠶᠢᠯᠠᠯ ᠲᠣᠰ | ᠤᠳᠠᠭ᠎ᠠ ᠶᠢᠨ ᠠᠵᠢᠯᠯᠠᠭᠠᠨ ᠳᠤ ᠢᠳᠡᠪᠬᠢᠲᠡᠢ ᠣᠷᠣᠯᠴᠠᠵᠤ᠂ 262 ᠠᠵᠤ ᠠᠬᠤᠶᠢᠯᠠᠯ ᠤᠨ 382 ᠦᠢᠯᠡᠳᠬᠦᠨ ᠳᠠᠭᠠᠭᠠᠴᠢᠯᠠᠯᠲᠠ ᠵᠠᠷᠯᠠᠯᠲᠠ ᠳᠤ ᠣᠷᠣᠯᠴᠠᠪᠠ᠃ | 205 ᠠᠵᠤ ᠠᠬᠤᠶᠢᠯᠠᠯ ᠤᠨ 266 ᠦᠢᠯᠡᠳᠬᠦᠨ ᠨᠢ ᠰᠣᠩᠭᠤᠯᠲᠠ ᠶᠢᠨ ᠲᠥᠯᠥᠪᠯᠡᠭᠡᠨ ᠤ ᠬᠢᠷᠢ ᠭᠡᠮ ᠲᠠᠢ ᠪᠣᠯᠵᠠᠢ᠂ ᠡᠭᠦᠨ ᠳᠤ ᠤᠯᠤᠰ ᠤᠨ ᠳᠣᠲᠣᠭᠠᠳᠤ ᠶᠢᠨ | 200 ᠡᠮ ᠤᠨ ᠠᠵᠤ ᠠᠬᠤᠶᠢᠯᠠᠯ ᠤᠨ 260 ᠦᠢᠯᠡᠳᠬᠦᠨ᠂ ᠣᠯᠠᠨ ᠤᠯᠤᠰ ᠤᠨ 5 ᠡᠮ ᠤᠨ ᠠᠵᠤ ᠠᠬᠤᠶᠢᠯᠠᠯ ᠤᠨ 6 ᠦᠢᠯᠡᠳᠬᠦᠨ ︵1 ᠥᠪᠡᠷ ᠢᠶᠠᠨ | ᠰᠤᠳᠤᠯᠤᠨ ᠨᠠᠶᠢᠷᠠᠭᠤᠯᠤᠭᠰᠠᠨ ᠡᠮ ᠪᠠ 5 ᠭᠠᠳᠠᠭᠠᠳᠤ ᠶᠢᠨ ᠡᠮ ᠢ ᠳᠠᠭᠤᠷᠢᠶᠠᠨ ᠦᠢᠯᠡᠳᠦᠭᠰᠡᠨ ᠡᠮ ᠪᠠᠭᠲᠠᠨ᠎ᠠ︶ ᠪᠠᠭᠲᠠᠨ᠎ᠠ᠂ ᠳᠠᠭᠠᠭᠠᠴᠢᠯᠠᠯᠲᠠ ᠵᠠᠷᠯᠠᠭᠰᠠᠨ ᠠᠵᠤ | ᠠᠬᠤᠶᠢᠯᠠᠯ ᠤᠨ ᠰᠣᠩᠭᠤᠯᠲᠠ ᠶᠢᠨ ᠲᠥᠯᠥᠪᠯᠡᠭᠡᠨ ᠳᠤ ᠣᠷᠣᠭᠰᠠᠨ ᠬᠠᠷᠢᠴᠠᠯ ᠨᠢ ᠪᠠᠷᠤᠭ 78% ᠪᠠᠶᠢᠵᠤ᠂ ᠳᠤᠮᠳᠠᠴᠢ ᠪᠠᠷ ᠲᠥᠷᠥᠯ ᠵᠦᠢᠯ ᠪᠦᠷᠢ ᠳᠤ 6.5 ᠠᠵᠤ | ᠠᠬᠤᠶᠢᠯᠠᠯ ᠰᠣᠩᠭᠤᠯᠲᠠ ᠶᠢᠨ ᠲᠥᠯᠥᠪᠯᠡᠭᠡᠨ ᠳᠤ ᠣᠷᠣᠵᠠᠢ᠃ ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠤᠯᠲᠠ ᠶᠢᠨ ᠠᠵᠤ ᠠᠬᠤᠶᠢᠯᠠᠯ ᠤᠨ | ᠰᠣᠩᠭᠤᠭᠳᠠᠬᠤ ᠨᠣᠷᠮ᠎ᠠ ᠥᠨᠳᠥᠷ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠰᠠᠶᠢᠨ ᠪᠠᠶᠢᠵᠤ᠂ ︽ᠳᠠᠷᠤᠭᠠᠰᠤ ᠶᠢ ᠬᠥᠩᠭᠡᠷᠡᠭᠦᠯᠵᠦ᠂ | ᠬᠥᠭᠵᠢᠯᠲᠡ ᠶᠢ ᠠᠬᠢᠭᠤᠯᠤᠨ᠂ ᠬᠠᠩᠭᠠᠯᠭ᠎ᠠ ᠶᠢ ᠪᠠᠲᠤᠯᠠᠬᠤ︾ ᠣᠯᠠᠨ ᠬᠠᠷᠠᠯᠲᠠ ᠶᠢᠨ ᠲᠡᠩᠴᠡᠭᠦᠷᠢ ᠶᠢ ᠪᠡᠶᠡᠯᠡᠭᠦᠯᠪᠡ᠃ | ᠲᠣᠰ ᠤᠳᠠᠭ᠎ᠠ ᠶᠢᠨ ᠲᠥᠪᠯᠡᠷᠡᠭᠦᠯᠦᠨ ᠬᠤᠳᠠᠯᠳᠤᠨ ᠠᠪᠤᠯᠲᠠ ᠳᠤ ᠬᠠᠯᠳᠠᠪᠤᠷᠢᠯᠠᠯ᠂ ᠬᠠᠪᠤᠳᠠᠷ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ | ᠬᠤᠳᠣᠭᠤᠳᠤ ᠭᠡᠳᠡᠰᠦᠨ ᠤ ᠡᠪᠡᠳᠴᠢᠨ᠂ ᠮᠡᠳᠡᠷᠡᠯ ᠤᠨ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠤᠵᠢᠭ ᠴᠢᠨᠠᠷᠲᠠᠢ ᠡᠪᠡᠳᠴᠢᠨ ᠳᠤ ᠬᠡᠷᠡᠭᠯᠡᠬᠦ | ᠡᠮ ᠵᠢᠴᠢ ᠲᠦᠷᠭᠡᠨ ᠠᠪᠤᠷᠠᠯᠳᠠ ᠶᠢᠨ ᠡᠮ᠂ ᠲᠤᠲᠠᠭᠳᠠᠵᠤ ᠪᠠᠶᠢᠭ᠎ᠠ ᠡᠮ ᠵᠡᠷᠭᠡ ᠭᠤᠣᠯᠳᠠᠯᠭ᠎ᠠ ᠲᠠᠢ ᠡᠮ ᠤᠨ ᠵᠦᠢᠯ ᠢ ᠪᠠᠭᠲᠠᠭᠠᠵᠠᠢ᠃ ᠣᠯᠠᠨ ᠡᠭᠦᠰᠦᠯᠲᠦ | ᠴᠢᠨᠠᠷᠲᠠᠢ ᠴᠢᠮᠦᠭᠡᠨ ᠬᠠᠪᠤᠳᠠᠷ ᠢ ᠵᠠᠰᠠᠬᠤ ᠯᠧᠨᠠᠯᠢᠳᠤᠮᠢᠳᠧ ︵Lenalidomide Capsules︶ ᠬᠤᠮᠵᠢᠶ᠎ᠠ ᠶᠢ 2023 ᠣᠨ ᠤ 5 ᠰᠠᠷ᠎ᠠ ᠳᠤ ᠲᠤᠰᠬᠠᠢ | ᠠᠰᠢᠭ ᠤᠨ ᠡᠷᠬᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠴᠠᠭ ᠲᠤᠬᠠᠢ ᠳᠤᠨᠢ ᠲᠥᠪᠯᠡᠷᠡᠭᠦᠯᠦᠨ ᠬᠤᠳᠠᠯᠳᠤᠨ ᠠᠪᠤᠯᠲᠠ ᠳᠤ ᠣᠷᠣᠭᠤᠯᠵᠤ᠂ ᠮᠥᠬᠦᠯᠢᠭ | ᠪᠦᠷᠢ ᠶᠢᠨ ᠳᠤᠮᠳᠠᠴᠢ ᠦᠨ᠎ᠡ 200 ᠲᠥᠭᠦᠷᠢᠭ ᠪᠠᠶᠢᠭᠰᠠᠨ ᠠᠴᠠ 15 ᠲᠥᠭᠦᠷᠢᠭ ᠪᠣᠯᠭᠠᠨ ᠪᠠᠭᠤᠷᠠᠭᠤᠯᠵᠤ᠂ ᠡᠪᠡᠳᠴᠢᠲᠡᠨ ᠤ ᠰᠠᠷ᠎ᠠ ᠪᠦᠷᠢ ᠶᠢᠨ ᠡᠮ ᠤᠨ | ᠵᠠᠷᠤᠳᠠᠯ ᠢ 3880 ᠲᠥᠭᠦᠷᠢᠭ ᠣᠷᠴᠢᠮ ᠠᠷᠪᠢᠯᠠᠵᠤ᠂ ᠳᠠᠷᠤᠭᠠᠰᠤ ᠶᠢ ᠨᠢ ᠮᠡᠳᠡᠭᠳᠡᠬᠦ᠋ᠢᠴᠡ ᠬᠥᠩᠭᠡᠷᠡᠭᠦᠯᠪᠡ᠃ | 2018 ᠣᠨ ᠠᠴᠠ ᠨᠠᠭᠠᠰᠢ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠶᠢᠰᠦᠨ ᠪᠦᠯᠦᠭ ᠤᠯᠤᠰ ᠠᠴᠠ ᠵᠣᠬᠢᠶᠠᠨ | ᠪᠠᠶᠢᠭᠤᠯᠤᠭᠰᠠᠨ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡ 374 ᠡᠮ ᠤᠨ | ᠵᠦᠢᠯᠡᠰ ᠢ ᠪᠠᠭᠲᠠᠭᠠᠨ ᠬᠠᠮᠤᠷᠴᠤ᠂ ᠦᠨ᠎ᠡ ᠶᠢᠨ ᠳᠤᠮᠳᠠᠴᠢ ᠬᠢᠮᠳᠠᠷᠠᠯ ᠤᠨ ᠬᠡᠮᠵᠢᠶ᠎ᠡ ᠨᠢ 50% ᠢ ᠳᠠᠪᠠᠵᠠᠢ᠃ ᠲᠠᠷᠠᠭᠠᠴᠢ ᠶᠢᠨ ᠠᠯᠬᠤᠮ ᠳᠤ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠣᠷᠣᠨ ᠵᠢᠴᠢ ᠰᠣᠩᠭᠤᠭᠳᠠᠭᠰᠠᠨ ᠠᠵᠤ | ᠠᠬᠤᠶᠢᠯᠠᠯ ᠢ ᠵᠢᠯᠤᠭᠤᠳᠴᠤ ᠪᠠᠶᠢᠭᠠᠳ ᠰᠣᠩᠭᠤᠭᠳᠠᠭᠰᠠᠨ ᠦᠷ᠎ᠡ ᠳ᠋ᠦᠩ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠲᠣᠰ | ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠤᠯᠲᠠ ᠳᠤ ᠬᠢᠮᠳᠠᠷᠠᠭᠤᠯᠤᠭᠰᠠᠨ ᠤ ᠳᠠᠷᠠᠭᠠᠬᠢ ᠰᠣᠩᠭᠤᠭᠳᠠᠭᠰᠠᠨ ᠦᠢᠯᠡᠳᠬᠦᠨ ᠢ ᠪᠦᠭᠦ ᠤᠯᠤᠰ ᠤᠨ ᠡᠪᠡᠳᠴᠢᠲᠡᠳ | 2024 ᠣᠨ ᠤ 3 ᠰᠠᠷ᠎ᠠ ᠠᠴᠠ ᠡᠬᠢᠯᠡᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | |