ᠲᠣᠯᠣᠭᠠᠢ ᠭᠡᠳᠡᠶᠢᠯᠭᠡᠨ ᠭᠠᠷ ᠤᠲᠠᠰᠤ ᠦᠵᠡᠪᠡᠯ ᠬᠦᠵᠦᠭᠦᠦ ᠰᠡᠭᠡᠷ ᠢᠶᠠᠨ ᠬᠠᠮᠠᠭᠠᠯᠠᠴᠢᠬᠠᠨ᠎ᠠ ᠭᠡᠵᠦ ᠤᠤ
ᠨᠡᠶᠢᠲᠡᠯᠡᠭᠰᠡᠨ ᠴᠠᠭ᠄
2024/1/9
      ᠣᠳᠣᠬᠠᠨ ᠤ ᠠᠵᠢᠯ ᠠᠮᠢᠳᠤᠷᠠᠯ ᠤᠨ ᠳᠤᠮᠳᠠ᠂ ᠬᠥᠮᠥᠰ ᠭᠠᠷ ᠤᠲᠠᠰᠤ᠂ ᠺᠤᠮᠫᠢᠦ᠋ᠲ᠋ᠧᠷ ᠠᠴᠠ ᠤᠯᠠᠮ ᠢᠶᠠᠷ ᠰᠠᠯᠵᠤ ᠴᠢᠳᠠᠬᠤ ᠦᠭᠡᠢ ᠪᠣᠯᠵᠠᠢ᠃ ᠤᠷᠳᠤ ᠬᠤᠭᠤᠴᠠᠭ᠎ᠠ ᠪᠠᠷ ᠠᠵᠢᠯᠯᠠᠬᠤ᠂ ᠰᠡᠯᠡᠭᠦᠦ ᠴᠠᠭ ᠲᠠᠭᠠᠨ ᠣᠬᠤᠷ ᠸᠢᠳᠢᠤ᠋ ᠰᠣᠨᠢᠷᠬᠠᠬᠤ᠂ ᠲᠣᠭᠯᠠᠭᠠᠮ ᠲᠣᠭᠯᠠᠬᠤ ᠁ ᠵᠡᠷᠭᠡ ᠨᠢ ᠬᠥᠮᠥᠰ ᠤᠨ ᠳᠠᠳᠬᠠᠯ ᠪᠣᠯᠵᠤ᠂ ᠮᠠᠰᠢ ᠤᠯᠠᠨ ᠬᠥᠮᠥᠨ ᠭᠠᠷ ᠠᠴᠠ ᠪᠠᠨ ᠭᠠᠷ ᠤᠲᠠᠰᠤ ᠰᠠᠯᠭᠠᠬᠤ ᠦᠭᠡᠢ ᠪᠣᠯᠤᠭᠰᠠᠨ ᠪᠠᠶᠢᠨ᠎ᠠ᠃ ᠢᠩᠭᠢᠬᠦ ᠨᠢ ᠡᠳᠦᠷ ᠤᠳᠠᠭᠠᠨ ᠳᠠᠭᠠᠨ ᠬᠦᠵᠦᠭᠦᠦ ᠶᠢᠨ ᠬᠡᠰᠡᠭ ᠲᠤ ᠡᠪ ᠦᠭᠡᠢ ᠪᠠᠶᠢᠳᠠᠯ ᠡᠭᠦᠰᠬᠡᠬᠦ ᠨᠢ ᠳᠠᠮᠵᠢᠭ ᠦᠭᠡᠢ᠂ ᠭᠡᠪᠡᠴᠦ ᠨᠠᠶᠢᠵᠠ ᠶᠢᠨ ᠲᠣᠭᠤᠷᠢᠭ ᠲᠤ ᠬᠦᠵᠦᠭᠦᠦ ᠪᠠᠨ ︽ᠳᠡᠭᠦᠵᠢᠯᠡᠬᠦ︾᠂ ᠲᠣᠯᠣᠭᠠᠢ ᠭᠡᠳᠡᠶᠢᠯᠭᠡᠨ ᠭᠠᠷ ᠤᠲᠠᠰᠤ ᠦᠵᠡᠬᠦ ᠵᠡᠷᠭᠡ ᠬᠦᠵᠦᠭᠦᠦ ᠶᠢᠨ ᠬᠡᠰᠡᠭ ᠤᠨ ᠡᠪ ᠦᠭᠡᠢ ᠪᠠᠶᠢᠳᠠᠯ ᠢ ᠨᠠᠮᠵᠢᠭᠤᠯᠬᠤ ︽ᠣᠨᠴᠠ ᠵᠣᠷ︾ ᠦᠷᠭᠦᠯᠵᠢ ᠬᠠᠷᠠᠭᠳᠠᠳᠠᠭ᠃      ᠬᠦᠵᠦᠭᠦᠦ ᠪᠠᠨ ︽ᠳᠡᠭᠦᠵᠢᠯᠡᠬᠦ︾ ᠶᠢ ᠰᠣᠬᠤᠷ ᠪᠠᠯᠠᠢ ᠪᠠᠷ ᠬᠢᠵᠦ ᠪᠤᠯᠬᠤ ᠦᠭᠡᠢ      ᠮᠠᠨ ᠤ ᠬᠦᠵᠦᠭᠦᠦ ᠰᠡᠭᠡᠷ ᠤᠨ ᠲᠣᠭᠤᠷᠢᠨ ᠮᠠᠰᠢ ᠣᠯᠠᠨ ᠪᠤᠯᠴᠢᠩ ᠳᠤ ᠪᠠᠭᠯᠠᠭᠳᠠᠵᠤ᠂ ᠲᠣᠯᠣᠭᠠᠢ ᠪᠥᠬᠦ᠋ᠢᠬᠦ ᠪᠠᠶᠢᠳᠠᠯ ᠨᠢ ᠬᠦᠵᠦᠭᠦᠦ ᠰᠡᠭᠡᠷ ᠤᠨ ᠠᠷᠤ ᠲᠠᠯ᠎ᠠ ᠶᠢᠨ ᠪᠤᠯᠴᠢᠩ ᠢ ᠰᠤᠩᠭᠠᠵᠤ᠂ ᠬᠡᠷᠪᠡ ᠤᠷᠲᠤ ᠬᠤᠭᠤᠴᠠᠭ᠎ᠠ ᠪᠠᠷ ᠲᠣᠯᠣᠭᠠᠢ ᠪᠠᠨ ᠪᠥᠬᠦ᠋ᠢᠪᠡᠯ᠂ ᠪᠤᠯᠴᠢᠩ ᠠᠮᠠᠷᠬᠠᠨ ᠶᠠᠳᠠᠷᠠᠵᠤ᠂ ᠬᠦᠵᠦᠭᠦᠦ ᠶᠢᠨ ᠬᠡᠰᠡᠭ ᠡᠪᠡᠳᠬᠦ ᠪᠠᠶᠢᠳᠠᠯ ᠡᠭᠦᠰᠦᠨ᠎ᠡ᠃ ᠤᠷᠲᠤ ᠬᠤᠭᠤᠴᠠᠭ᠎ᠠ ᠪᠠᠷ ᠢᠩᠭᠢᠭᠡᠳ ᠪᠠᠶᠢᠪᠠᠯ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠮᠠᠭᠤᠳᠠᠵᠤ᠂ ᠬᠦᠵᠦᠭᠦᠦ ᠰᠡᠭᠡᠷ ᠤᠨ ᠭᠥᠯᠢᠶᠡᠨ ᠠᠪᠬᠤ ᠬᠦᠴᠦ ᠨᠡᠮᠡᠭᠳᠡᠬᠦ ᠠᠴᠠ ᠪᠣᠯᠵᠤ ᠬᠦᠵᠦᠭᠦᠦ ᠰᠡᠭᠡᠷ ᠤᠨ ᠡᠪᠡᠳᠴᠢᠨ ᠢ ᠡᠭᠦᠰᠬᠡᠬᠦ ᠪᠣᠯᠣᠨ᠎ᠠ᠃      ᠣᠳᠣᠬᠠᠨ ᠳᠤ ᠮᠠᠰᠢ ᠣᠯᠠᠨ ᠵᠠᠯᠠᠭᠤᠴᠤᠳ ᠣᠷᠳᠣ ᠬᠤᠭᠤᠴᠠᠭ᠎ᠠ ᠪᠠᠷ ᠲᠣᠯᠣᠭᠠᠢ ᠪᠥᠬᠦ᠋ᠢᠨ ᠠᠵᠢᠯᠯᠠᠬᠤ ᠪᠤᠶᠤ ᠲᠣᠭᠯᠠᠭᠠᠮ ᠨᠠᠭᠠᠳᠤᠭᠰᠠᠨ ᠠᠴᠠ ᠪᠣᠯᠵᠤ ᠪᠤᠯᠴᠢᠩ ᠤᠨ ᠶᠠᠳᠠᠷᠠᠯ ᠢ ᠡᠭᠦᠰᠬᠡᠳᠡᠭ᠂ ᠰᠦᠯᠵᠢᠶᠡᠨ ᠳᠡᠭᠡᠷ᠎ᠡ ᠪᠠᠰᠠ ᠤᠯᠠᠨ ᠵᠦᠢᠯ ᠤᠨ ᠠᠷᠭ᠎ᠠ ᠪᠠᠷ ᠬᠦᠵᠦᠭᠦᠦ ᠶᠢᠨ ᠬᠡᠰᠡᠭ ᠤᠨ ᠡᠪ ᠦᠭᠡᠢ ᠪᠠᠶᠢᠳᠠᠯ ᠢ ᠨᠠᠮᠳᠠᠭᠤᠯᠵᠤ ᠪᠠᠶᠢᠨ᠎ᠠ᠂ ᠵᠢᠱᠢᠶᠡᠯᠡᠪᠡᠯ᠂ ᠬᠦᠵᠦᠭᠦᠦ ᠪᠠᠨ ︽ᠳᠡᠭᠦᠵᠢᠯᠡᠬᠦ︾ ᠮᠡᠲᠦ ᠶᠢᠨ ᠠᠷᠭ᠎ᠠ ᠶᠢ ᠬᠡᠷᠡᠭᠯᠡᠵᠦ ᠪᠠᠶᠢᠨ᠎ᠠ᠃ ᠦᠨᠡᠨ ᠳᠡᠭᠡᠨ ᠡᠨᠡ ᠬᠦ ᠠᠷᠭ᠎ᠠ ᠨᠢ ᠪᠤᠷᠤᠭᠤ ᠶᠤᠮ᠂ ᠤᠴᠢᠷ ᠨᠢ ᠬᠦᠵᠦᠭᠦᠦ ᠶᠢ ︽ᠳᠡᠭᠦᠵᠢᠯᠡᠬᠦ︾ ᠨᠢ ᠡᠮᠴᠢᠯᠡᠭᠡᠨ ᠤ ᠳᠤᠮᠳᠠ ᠮᠡᠳᠡᠷᠡᠯ ᠤᠨ ᠤᠭ ᠤᠨ ᠭᠡᠯᠪᠡᠷᠢ ᠶᠢᠨ ᠬᠦᠵᠦᠭᠦᠦ ᠰᠡᠭᠡᠷ ᠤᠨ ᠡᠪᠡᠳᠴᠢᠨ ᠢ ᠵᠠᠰᠠᠬᠤ ᠳᠤ ᠬᠡᠷᠡᠭᠯᠡᠳᠡᠭ ᠠᠴᠠ ᠪᠢᠰᠢ ᠬᠠᠷᠢᠨ ᠪᠤᠯᠴᠢᠩ ᠤᠨ ᠵᠦᠳᠡᠷᠡᠯ ᠤᠨ ᠭᠡᠮᠲᠦᠯ ᠢ ᠵᠠᠰᠠᠬᠤ ᠳᠤ ᠲᠣᠬᠢᠷᠠᠬᠤ ᠦᠭᠡᠢ ᠶᠤᠮ᠃ ᠲᠡᠯᠡᠭᠦ ᠵᠠᠰᠠᠯ ᠢ ᠬᠢᠬᠦ ᠠᠴᠠ ᠡᠮᠦᠨ᠎ᠡ᠂ ᠵᠠᠪᠠᠯ ᠵᠢᠩᠬᠢᠨᠢ ᠡᠮᠨᠡᠯᠭᠡ ᠶᠢᠨ ᠬᠤᠷᠢᠶᠠᠨ ᠳᠤ ᠬᠦᠷᠴᠦ ᠲᠣᠳᠣᠷᠬᠠᠢ ᠣᠨᠣᠰᠢᠯᠠᠭᠤᠯᠬᠤ ᠬᠡᠷᠡᠭᠲᠡᠢ᠂ ᠰᠣᠬᠤᠷ ᠪᠠᠯᠠᠢ ᠪᠠᠷ ᠥᠪᠡᠷ ᠢᠶᠠᠨ ᠬᠢᠵᠦ ᠪᠤᠯᠬᠤ ᠦᠭᠡᠢ᠃      ᠤᠷᠲᠤ ᠬᠤᠭᠤᠴᠠᠭ᠎ᠠ ᠪᠠᠷ ᠲᠣᠯᠣᠭᠠᠢ ᠭᠡᠳᠡᠶᠢᠯᠭᠡᠨ ᠭᠠᠷ ᠤᠲᠠᠰᠤ ᠦᠵᠡᠬᠦ ᠨᠢ ᠮᠥᠨ ᠴᠦ ᠪᠤᠯᠴᠢᠩ ᠤᠨ ᠵᠦᠳᠡᠷᠡᠯ ᠤᠨ ᠭᠡᠮᠲᠦᠯ ᠢ ᠡᠭᠦᠰᠬᠡᠨ᠎ᠡ       ᠪᠠᠰᠠ ᠴᠥᠭᠡᠨ ᠪᠤᠰᠤ ᠬᠥᠮᠥᠰ ᠤᠨ ᠦᠵᠡᠬᠦ ᠪᠠᠷ᠂ ᠬᠦᠵᠦᠭᠦᠦ ᠰᠡᠭᠡᠷ ᠲᠤ ᠠᠰᠠᠭᠤᠳᠠᠯ ᠭᠠᠷᠤᠭᠰᠠᠨ ᠨᠢ ᠤᠷᠲᠤ ᠬᠤᠭᠤᠴᠠᠭ᠎ᠠ ᠪᠠᠷ ᠲᠣᠯᠣᠭᠠᠢ ᠪᠥᠬᠦ᠋ᠢᠭᠰᠡᠨ ᠠᠴᠠ ᠪᠣᠯ ᠪᠢᠳᠡ ᠲᠣᠯᠣᠭᠠᠢ ᠭᠡᠳᠡᠶᠢᠨ ᠭᠠᠷ ᠤᠲᠠᠰᠤ ᠦᠵᠡᠪᠡᠯ ᠳᠠᠷᠤᠢ ᠬᠦᠵᠦᠭᠦᠦ ᠰᠡᠭᠡᠷ ᠢ ᠬᠠᠮᠠᠭᠠᠯᠠᠵᠤ ᠳᠡᠶᠢᠯᠴᠢᠬᠡᠬᠦ ᠪᠢᠰᠢ ᠤᠤ︖ ᠭᠡᠰᠡᠨ ᠦᠵᠡᠯᠲᠡ ᠲᠠᠢ ᠪᠠᠶᠢᠯ᠎ᠠ᠃ ᠢᠩᠭᠢᠵᠦ ᠬᠢᠬᠦ ᠨᠢ ᠰᠢᠨᠵᠢᠯᠡᠬᠦ ᠤᠬᠠᠭᠠᠨᠴᠢ ᠪᠢᠰᠢ ᠶᠤᠮ᠃ ᠤᠷᠲᠤ ᠬᠤᠭᠤᠴᠠᠭ᠎ᠠ ᠪᠠᠷ ᠨᠢᠭᠡᠨ ᠪᠠᠶᠢᠳᠠᠯ ᠢᠶᠠᠨ ᠪᠠᠲᠤᠯᠠᠬᠤ᠂ ᠳᠠᠷᠤᠢ ᠲᠣᠯᠣᠭᠠᠢ ᠪᠥᠬᠦ᠋ᠢᠨ ᠭᠠᠷ ᠤᠲᠠᠰᠤ ᠦᠵᠡᠭᠰᠡᠨ ᠴᠦ ᠲᠡᠷᠡ᠂ ᠲᠣᠯᠣᠭᠠᠢ ᠭᠡᠳᠡᠶᠢᠯᠭᠡᠨ ᠭᠠᠷ ᠤᠲᠠᠰᠤ ᠦᠵᠡᠭᠰᠡᠨ ᠴᠦ ᠲᠡᠷᠡ᠂ ᠪᠦᠷ ᠪᠤᠯᠴᠢᠩ ᠤᠨ ᠵᠦᠳᠡᠷᠡᠯ ᠤᠨ ᠭᠡᠮᠲᠦᠯ ᠢ ᠠᠪᠴᠢᠷᠠᠵᠤ ᠮᠡᠳᠡᠨ᠎ᠡ᠃      ᠬᠦᠵᠦᠭᠦᠦ ᠰᠡᠭᠡᠷ ᠢᠶᠠᠨ ᠬᠠᠮᠠᠭᠠᠯᠠᠶ᠎ᠠ ᠭᠡᠪᠡᠯ ᠳᠣᠣᠷᠠᠬᠢ ᠵᠣᠷ ᠢ ᠬᠡᠷᠡᠭᠯᠡᠭᠡᠷᠡᠢ       ᠡᠳᠦᠷ ᠲᠤᠲᠤᠮ ᠤᠨ ᠠᠮᠢᠳᠤᠷᠠᠯ ᠤᠨ ᠳᠤᠮᠳᠠ ᠪᠠᠨ ᠬᠦᠵᠦᠭᠦᠦ ᠰᠡᠭᠡᠷ ᠢᠶᠠᠨ ᠵᠥᠪ ᠬᠠᠮᠠᠭᠠᠯᠠᠬᠤ ᠳᠤ ︽ᠥᠩᠭᠡᠨ ᠲᠠᠯ᠎ᠠ ᠶᠢ ᠵᠠᠰᠠᠬᠤ︾ ᠮᠥᠷᠲᠡᠭᠡᠨ ᠪᠠᠰᠠ ᠦᠨᠳᠦᠰᠦ ᠶᠢ ᠨᠢ ᠵᠠᠰᠠᠬᠤ ᠬᠡᠷᠡᠭᠲᠡᠢ᠃ ᠳᠣᠣᠷ᠎ᠠ ᠭᠤᠷᠪᠠᠨ ᠵᠦᠢᠯ ᠢ ᠰᠠᠨᠠᠭᠤᠯᠤᠶ᠎ᠠ︕ ᠤᠷᠲᠤ ᠬᠤᠭᠤᠴᠠᠭ᠎ᠠ ᠪᠠᠷ ᠲᠣᠯᠣᠭᠠᠢ ᠪᠥᠬᠦ᠋ᠢᠬᠦ ᠠᠴᠠ ᠵᠠᠶᠢᠯᠠᠰᠬᠢᠬᠦ ᠬᠡᠷᠡᠭᠲᠡᠢ᠄ ᠤᠷᠢᠳ ᠢᠶᠠᠷ ᠤᠷᠲᠤ ᠬᠤᠭᠤᠴᠠᠭ᠎ᠠ ᠪᠠᠷ ᠲᠣᠯᠣᠭᠠᠢ ᠪᠥᠬᠦ᠋ᠢᠬᠦ ᠠᠴᠠ ᠵᠠᠶᠢᠯᠠᠰᠬᠢᠵᠦ᠂ ᠵᠣᠬᠢᠰᠲᠠᠢ ᠠᠮᠠᠷᠠᠬᠤ ᠬᠡᠷᠡᠭᠲᠡᠢ᠂ ᠵᠢᠱᠢᠶᠡᠯᠡᠪᠡᠯ ᠲᠣᠯᠣᠭᠠᠢ ᠪᠥᠬᠦ᠋ᠢᠨ ᠬᠠᠭᠠᠰ ᠴᠠᠭ ᠠᠵᠢᠯᠯᠠᠪᠠᠯ ᠲᠣᠯᠣᠭᠠᠢ ᠪᠠᠨ ᠡᠷᠭᠦᠨ ᠰᠤᠯᠠ ᠲᠠᠯᠪᠢᠵᠤ᠂ ᠬᠦᠵᠦᠭᠦᠦ ᠰᠡᠭᠡᠷ ᠢᠶᠠᠨ ᠬᠥᠳᠡᠯᠭᠡᠵᠦ᠂ ᠬᠦᠵᠦᠭᠦᠦ ᠰᠡᠭᠡᠷ ᠢ ᠤᠷᠲᠤ ᠬᠤᠭᠤᠴᠠᠭ᠎ᠠ ᠪᠠᠷ ᠥᠨᠳᠥᠷ ᠳᠠᠷᠤᠯᠲᠠ ᠶᠢᠨ ᠪᠠᠶᠢᠳᠠᠯ ᠳᠤ ᠪᠠᠶᠢᠯᠭᠠᠵᠤ ᠪᠤᠯᠬᠤ ᠦᠭᠡᠢ᠃       ᠡᠳᠦᠷ ᠲᠤᠲᠤᠮ ᠳᠠᠭᠠᠨ ︽米 ᠦᠰᠦᠭ ᠤᠨ ᠲᠠᠮᠢᠷ︾ ᠢᠶᠠᠷ ᠬᠦᠵᠦᠭᠦᠨ ᠤ ᠬᠡᠰᠡᠭ ᠤᠨ ᠪᠤᠯᠴᠢᠩ ᠢ ᠪᠤᠯᠪᠠᠰᠤᠷᠠᠭᠤᠯᠵᠤ᠂ ᠬᠦᠵᠦᠭᠦᠦ ᠰᠡᠭᠡᠷ ᠢ ᠡᠮᠦᠨ᠎ᠡ᠂ ᠬᠤᠶᠢᠨ᠎ᠠ᠂ ᠵᠡᠭᠦᠨ᠂ ᠪᠠᠷᠠᠭᠤᠨ ᠡᠯ᠎ᠡ ᠴᠢᠭᠯᠡᠯ ᠢᠶᠠᠷ ᠬᠥᠳᠡᠯᠭᠡᠭᠡᠨ ᠬᠢᠯᠭᠡᠨ᠎ᠡ᠂ ᠰᠠᠨᠠᠭᠤᠯᠬᠤ ᠴᠢᠬᠤᠯᠠ ᠲᠠᠢ ᠨᠢ᠂ ᠳᠤᠰ ᠲᠠᠮᠢᠷ ᠢ ᠬᠢᠬᠦ ᠳᠡᠭᠡᠨ ᠬᠤᠷᠳᠤᠴᠠ ᠶᠢ ᠬᠡᠲᠦᠷᠬᠡᠢ ᠲᠦᠷᠭᠡᠨ ᠪᠠᠶᠢᠯᠭᠠᠵᠤ ᠪᠤᠯᠬᠤ ᠦᠭᠡᠢ᠂ ᠪᠤᠯᠴᠢᠩ ᠮᠢᠬ᠎ᠠ ᠶᠢ ᠭᠡᠮᠲᠦᠭᠡᠬᠦ ᠠᠴᠠ ᠰᠡᠷᠭᠡᠶᠢᠯᠡᠨ᠎ᠡ᠃ ︽ᠦᠡᠭᠭᠡᠨ ᠲᠠᠯ᠎ᠠ ᠶᠢ ᠨᠢ ᠵᠠᠰᠠᠬᠤ︾ ᠳᠤ ᠲᠤᠰᠠ ᠪᠤᠯᠬᠤ ᠶᠤᠮ᠃       ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠨᠡᠮᠡᠭᠳᠡᠭᠦᠯᠬᠦ᠄ ︽ᠦᠨᠳᠦᠰᠦ ᠶᠢ ᠨᠢ ᠵᠠᠰᠠᠬᠤ︾ ᠭᠡᠪᠡᠯ᠂ ᠡᠷᠬᠡᠪᠰᠢ ᠦᠨᠳᠦᠰᠦ ᠰᠤᠷᠪᠤᠯᠵᠢ ᠠᠴᠠ ᠨᠢ ᠡᠬᠢᠯᠡᠨ ᠪᠣᠯᠪᠠᠰᠤᠷᠠᠯ ᠢᠶᠠᠷ ᠳᠠᠮᠵᠢᠭᠤᠯᠤᠨ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠴᠢᠩᠭᠠᠳᠬᠠᠬᠤ ᠬᠡᠷᠡᠭᠲᠡᠢ᠃ ᠥᠲᠥᠨ ᠪᠥᠮᠪᠦᠭᠡ᠂ ᠮᠡᠯᠡᠬᠡᠢ ᠤᠮᠪᠠᠯᠲᠠ ᠵᠡᠷᠭᠡ ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ ᠬᠦᠵᠦᠭᠦᠨ ᠤ ᠬᠡᠰᠡᠭ ᠤᠨ ᠪᠤᠯᠴᠢᠩ ᠤᠨ ᠬᠦᠴᠦ ᠶᠢ ᠨᠡᠮᠡᠭᠳᠡᠭᠦᠯᠵᠦ ᠪᠣᠯᠣᠨ᠎ᠠ᠃       ᠬᠦᠵᠦᠭᠦᠦ ᠰᠡᠭᠡᠷ ᠢᠶᠠᠨ ᠳᠤᠯᠠᠭᠠᠯᠠᠬᠤ ᠶᠢ ᠠᠩᠬᠠᠷᠬᠤ᠄ ᠬᠦᠵᠦᠭᠦᠦ ᠰᠡᠭᠡᠷ ᠢᠶᠠᠨ ᠳᠤᠯᠠᠭᠠᠯᠠᠬᠤ ᠶᠢ ᠠᠩᠬᠠᠷᠬᠤ ᠬᠡᠷᠡᠭᠲᠡᠢ᠂ ᠪᠢᠲᠡᠭᠡᠢ ᠰᠦᠯᠵᠢᠶᠡᠨ ᠳᠤ ᠭᠠᠷᠴᠤ ᠪᠢᠴᠢᠯ ᠪᠦᠷᠭᠡ ᠨᠡᠬᠡᠭᠡᠳ ᠯᠡ ᠪᠠᠶᠢᠭᠠᠷᠠᠢ᠂ ᠬᠠᠷᠢᠨ ᠥᠪᠡᠷ ᠤᠨ ᠬᠦᠵᠦᠭᠦᠦ ᠪᠠᠨ ᠰᠠᠶᠢᠲᠤᠷ ᠳᠤᠯᠠᠭᠠᠯᠠᠵᠤ᠂ ᠲᠠᠭᠠᠷᠠᠵᠤ ᠵᠢᠩᠭᠢᠨᠡᠬᠦ ᠠᠴᠠ ᠬᠢᠴᠢᠶᠡᠬᠦ ᠬᠡᠷᠡᠭᠲᠡᠢ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ