ᠭᠤᠤ ᠬᠤᠸᠠᠢ ᠵᠢᠩ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠬᠦ ᠬᠠᠯᠠᠮᠰᠢᠯ ᠤᠲᠠᠰᠤ ᠪᠠᠷ ᠲᠤᠰᠬᠠᠭᠰᠠᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠲᠠᠯᠠᠪᠠᠢ ᠳᠤ ᠱᠠᠭᠠᠷᠳᠠᠨ ᠭᠦᠢᠴᠡᠳᠬᠡᠭᠦᠯᠦᠭᠰᠡᠨ ᠪᠥᠭᠡᠳ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/11
      10 ᠳ᠋ᠤᠭᠠᠷ ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠤ᠂ ᠴᠢ ᠫᠠᠨ ᠵᠢᠩ ᠪᠠᠯᠭᠠᠰᠤ᠂ ᠮᠧᠩ ᠰᠢ ᠪᠠᠯᠭᠠᠰᠤᠨ ᠤ ᠬᠡᠰᠡᠭ ᠰᠠᠭᠤᠭᠠᠯᠢ ᠲᠣᠭᠤᠷᠢᠭ ᠵᠢᠴᠢ ᠰᠠᠭᠤᠭᠠᠯᠢ ᠠᠷᠠᠳ ᠤᠨ ᠭᠡᠷ ᠲᠤ ᠬᠦᠷᠴᠦ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠬᠦ ᠬᠠᠯᠠᠮᠰᠢᠯ ᠤᠲᠠᠰᠤ ᠶᠢᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠲᠠᠯᠠᠪᠠᠢ ᠳᠤ ᠱᠠᠭᠠᠷᠳᠠᠨ ᠭᠦᠢᠴᠡᠳᠬᠡᠭᠦᠯᠪᠡ᠃      ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠬᠦ ᠬᠠᠯᠠᠮᠰᠢᠯ ᠤᠲᠠᠰᠤ ᠪᠠᠷ ᠲᠤᠰᠬᠠᠭᠰᠠᠨ ᠳᠤᠯᠠᠭᠠᠯᠠᠭ᠎ᠠ ᠶᠢᠨ ᠠᠰᠠᠭᠤᠳᠠᠯ ᠤᠨ ᠲᠤᠬᠠᠢ ᠭᠤᠤ ᠬᠤᠸᠠᠢ ᠵᠢᠩ ᠰᠠᠭᠤᠭᠠᠯᠢ ᠠᠷᠠᠳ ᠲᠠᠢ ᠨᠠᠷᠢᠨ ᠶᠠᠷᠢᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠴᠤᠭᠯᠠᠭᠤᠯᠤᠨ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠲᠡᠷᠡ ᠬᠡᠯᠡᠬᠦ ᠳᠡᠭᠡᠨ᠂ ᠣᠳᠣᠬᠠᠨ ᠤ ᠳᠤᠯᠠᠭᠠᠯᠠᠭ᠎ᠠ ᠬᠠᠩᠭᠠᠬᠤ ᠠᠵᠢᠯ ᠢ ᠰᠠᠶᠢᠲᠤᠷ ᠬᠢᠬᠦ ᠪᠣᠯ ᠠᠷᠠᠳ ᠤᠨ ᠠᠮᠢᠳᠤᠷᠠᠯ ᠢ ᠪᠠᠲᠤᠯᠠᠬᠤ ᠲᠡᠷᠢᠭᠦᠨ ᠴᠢᠬᠤᠯᠠ ᠶᠠᠪᠤᠳᠠᠯ ᠮᠥᠨ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠣᠯᠠᠨ ᠲᠦᠮᠡᠨ ᠤ ᠬᠠᠯᠠᠭᠤᠨ ᠬᠦᠢᠲᠡᠨ ᠢ ᠴᠠᠭ ᠢᠮᠠᠭᠲᠠ ᠪᠤᠳᠤᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠪᠠᠷ ᠪᠠᠷᠢᠮᠵᠢᠶ᠎ᠠ ᠪᠣᠯᠭᠠᠨ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠡᠮᠦᠨ᠎ᠡ ᠹᠷᠣᠨᠲ ᠲᠤ ᠠᠰᠠᠭᠤᠳᠠᠯ ᠢ ᠡᠷᠢᠨ᠂ ᠡᠮᠦᠨ᠎ᠡ ᠹᠷᠣᠨᠲ ᠲᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠤᠯᠲᠠ ᠶᠢ ᠠᠳᠬᠤᠨ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠳᠤᠯᠠᠭᠠᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠱᠠᠭᠠᠷᠳᠠᠨ ᠪᠠᠶᠢᠴᠠᠭᠠᠵᠤ ᠭᠦᠢᠴᠡᠳᠬᠡᠭᠦᠯᠬᠦ ᠶᠢ ᠴᠢᠩᠭᠠᠳᠬᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠦᠷᠢᠯᠡᠵᠦ᠂ ᠴᠢᠩᠭ᠎ᠠ ᠬᠠᠮᠢᠶᠠᠷᠤᠨ᠂ ᠨᠢᠭᠡᠳ ᠨᠢᠭᠡ ᠪᠠᠷ ᠮᠥᠷᠳᠡᠨ ᠨᠠᠶᠢᠳᠠᠪᠤᠷᠢᠵᠢᠭᠤᠯᠵᠤ᠂ ᠳᠤᠯᠠᠭᠠᠯᠠᠭ᠎ᠠ ᠬᠠᠩᠭᠠᠬᠤ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠪᠣᠳᠣᠯ ᠰᠠᠨᠠᠯ ᠲᠠᠢ ᠨᠢᠭᠲᠠ ᠤᠶᠠᠯᠳᠤᠭᠤᠯᠤᠨ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠲᠠᠯᠪᠢᠵᠤ᠂ ᠦᠨᠳᠦᠰᠦᠨ ᠱᠠᠲᠤᠨ ᠤ ᠤᠴᠢᠷ ᠶᠠᠪᠤᠳᠠᠯ ᠢ ᠦᠨᠳᠦᠰᠦᠨ ᠱᠠᠲᠤᠨ ᠳᠤ ᠭᠦᠢᠴᠡᠳᠬᠡᠨ᠂ ᠰᠢᠢᠳᠪᠦᠷᠢᠯᠡᠬᠦ ᠬᠦᠮᠦᠨ ᠲᠠᠢ ᠪᠥᠭᠡᠳ ᠳᠠᠷᠤᠶᠢᠬᠠᠨ ᠰᠢᠢᠳᠪᠦᠷᠢᠯᠡᠬᠦ ᠶᠢ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠪᠣᠳᠠᠲᠠᠢ ᠣᠨᠣᠪᠴᠢᠲᠠᠢ ᠨᠠᠷᠢᠯᠢᠭ ᠰᠢᠢᠳᠪᠦᠷᠢᠯᠡᠵᠦ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠲᠣᠭᠲᠠᠭᠠᠨ᠂ ᠪᠣᠳᠠᠲᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠳ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠳᠤᠯᠠᠭᠠᠯᠠᠭ᠎ᠠ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠳᠠᠷᠠᠭ᠎ᠠ ᠨᠢ᠂ ᠭᠤᠸ ᠬᠤᠸᠠᠢ ᠵᠢᠩ ᠪᠠᠰᠠ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠨᠢᠮᠪᠠᠢ ᠰᠣᠨᠣᠰᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠵᠤ ᠰᠢᠢᠳᠪᠦᠷᠢᠯᠡᠨ᠂ ᠲᠥᠷᠥᠯ ᠵᠦᠢᠯ ᠢ ᠤᠷᠤᠭᠰᠢᠲᠠᠢ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ