ᠤᠳᠬᠠᠨᠴᠢᠯᠠᠭᠤ᠄ ᠲᠠᠷᠬᠠᠨ ᠬᠦᠮᠦᠨ ᠪᠤᠷᠬᠠᠨ ᠤᠬᠠᠭᠠᠨ ᠲᠠᠢ
ᠨᠡᠶᠢᠲᠡᠯᠡᠭᠰᠡᠨ ᠴᠠᠭ᠄
2024/10/11
      ᠮᠣᠩᠭᠤᠯ ᠦᠨᠳᠦᠰᠦᠲᠡᠨ ᠨᠢ ︽ᠮᠣᠷᠢᠨ ᠨᠢᠷᠤᠭᠤᠨ ᠳᠡᠭᠡᠷᠡᠬᠢ ᠦᠨᠳᠦᠰᠦᠲᠡᠨ︾ ᠬᠡᠮᠡᠭᠳᠡᠵᠦ᠂ ᠮᠤᠷᠢ ᠨᠢ ᠮᠤᠩᠭᠤᠯᠴᠤᠳ ᠤᠨ ᠦᠢᠯᠡᠳᠪᠤᠷᠢᠯᠡᠯ ᠠᠮᠢᠳᠤᠷᠠᠯ  ᠳᠤ ᠴᠢᠬᠤᠯᠠ ᠦᠢᠯᠡᠳᠦᠯ ᠦᠵᠡᠬᠦᠯᠳᠡᠭ᠃ ᠣᠲᠤᠭ ᠬᠤᠰᠢᠭᠤᠨ ᠤ ᠨᠢᠭᠡ ᠪᠦᠯᠦᠭ ᠤᠷᠠᠨ ᠲᠠᠷᠬᠠᠨᠴᠤᠳ ᠠᠵᠢᠯᠴᠢ ᠪᠤᠷᠤᠭᠵᠢᠭᠤᠨ ᠬᠤᠶᠠᠷ ᠭᠠᠷ ᠢᠶᠠᠷ ᠢᠶᠠᠨ ᠤᠯᠠᠮᠵᠢᠯᠠᠯᠲᠤ ᠮᠣᠷᠢᠨ ᠤ ᠡᠳ᠋ᠯᠡᠯ ᠬᠡᠷᠡᠭᠰᠡᠯ ᠬᠢᠬᠦ ᠤᠷ᠎ᠠ ᠮᠡᠷᠬᠡᠵᠢᠯ ᠢᠶᠠᠨ ᠦᠪᠯᠡᠨ ᠤᠯᠠᠮᠵᠢᠯᠠᠵᠦ ᠢᠷᠡᠵᠡᠢ᠂ ᠤᠳᠬᠠᠨᠴᠢᠯᠠᠭᠤ ᠨᠠᠰᠤᠲᠠᠨ ᠪᠣᠯ ᠲᠡᠳᠡᠨᠡᠷ ᠤᠨ ᠳᠣᠲᠣᠷᠠᠬᠢ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢᠨ ᠨᠢᠭᠡ ᠪᠣᠯᠤᠨ᠎ᠠ᠃      ᠣᠲᠤᠭ ᠬᠤᠰᠢᠭᠤ ᠨᠢ ᠬᠠᠲᠤᠨ ᠭᠤᠤᠯ ᠤᠨ ᠰᠠᠪᠠ ᠭᠠᠵᠠᠷ ᠲᠤ ᠪᠠᠶᠢᠷᠢᠯᠠᠵᠦ᠂ ᠡᠷᠲᠡᠨ ᠠᠴᠠ ᠠᠪᠤᠭᠠᠳ ᠡᠯ᠎ᠡ ᠦᠨᠳᠦᠰᠦᠲᠡᠨ ᠤ ᠠᠷᠠᠳ ᠲᠦᠮᠡᠨ ᠬᠠᠮᠳᠤ ᠤᠷᠤᠰᠢᠨ᠂ ᠡᠯᠪᠡᠭ ᠪᠠᠶᠠᠯᠢᠭ ᠰᠣᠶᠣᠯ ᠤᠨ ᠥᠪ ᠢ ᠡᠬᠦᠳᠦᠨ ᠪᠦᠳᠦᠬᠡᠵᠡᠢ᠃ ᠡᠭᠦᠨ ᠳᠤ ᠮᠣᠷᠢᠨ ᠤ ᠡᠳ᠋ᠯᠡᠯ ᠬᠡᠷᠡᠭᠰᠡᠯ ᠬᠢᠬᠦ ᠨᠢ ᠲᠤᠬᠠᠢ ᠶᠢᠨ ᠭᠠᠵᠠᠷ ᠤᠨ ᠠᠷᠠᠳ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠬᠢᠨᠢ ᠨᠢᠭᠡ ᠬᠡᠰᠡᠭ ᠪᠤᠯᠵᠦ ᠪᠠᠶᠢᠭᠰᠠᠨ ᠶᠤᠮ᠃ 2008 ᠣᠨ ᠳᠤ ᠮᠣᠩᠭᠤᠯ ᠦᠨᠳᠦᠰᠦᠲᠡᠨ ᠤ ᠮᠣᠷᠢᠨ ᠤ ᠡᠳ᠋ᠯᠡᠯ ᠬᠡᠷᠡᠭᠰᠡᠯ ᠬᠢᠬᠦ ᠤᠷ᠎ᠠ ᠮᠡᠷᠭᠡᠵᠢᠯ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠬᠤᠶᠠᠳᠤᠭᠠᠷ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠪ᠊᠃      ᠴᠠᠭ ᠦᠶ᠎ᠡ ᠶᠢᠨ ᠬᠦᠭᠵᠢᠯᠳᠡ ᠶᠢ ᠳᠠᠭᠠᠯᠳᠤᠨ ᠤᠶᠢᠷ᠎ᠠ ᠶᠢᠨ ᠵᠢᠯ ᠳᠤ ᠡᠳᠦᠷ ᠲᠤᠳᠤᠮ ᠤᠨ ᠮᠣᠷᠢ ᠤᠨᠤᠬᠤ᠂ ᠮᠣᠷᠢᠨ ᠤ ᠡᠳ᠋ᠯᠡᠯ ᠬᠡᠷᠡᠭᠯᠡᠬᠦ ᠬᠥᠮᠦᠨ ᠤᠯᠠᠮ ᠠᠴᠠ ᠤᠯᠠᠮ ᠴᠦᠬᠡᠷᠡᠭᠰᠡᠨ ᠠᠴᠠ ᠤᠯᠠᠮᠵᠢᠯᠠᠯᠲᠤ ᠮᠣᠷᠢᠨ ᠤ ᠡᠳ᠋ᠯᠡᠯ ᠬᠡᠷᠡᠭᠰᠡᠯ ᠬᠢᠳᠡᠭ ᠲᠡᠷᠬᠠᠨᠴᠤᠳ ᠨᠡᠩ ᠬᠤᠪᠤᠷᠳᠠᠭᠰᠠᠨ ᠪᠤᠯᠪᠠᠴᠦ ᠤᠳᠬᠠᠨᠴᠢᠯᠠᠭᠤ ᠨᠠᠰᠤᠲᠠᠨ ᠮᠥᠨ ᠯᠡ ᠤᠯᠠᠮᠵᠢᠯᠠᠯᠲᠤ ᠭᠠᠷ ᠤᠷᠠᠯᠠᠯ ᠢᠶᠠᠨ ᠪᠠᠷᠢᠮᠳᠠᠯᠠᠨ᠂ ᠬᠤᠪᠣᠷ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠢᠶᠠᠨ ᠦᠪᠯᠡᠨ ᠤᠯᠠᠮᠵᠢᠯᠠᠭᠰᠠᠭᠠᠷ᠃      ᠡᠨᠡ ᠵᠢᠯ ᠲᠡᠯᠠᠨ ᠨᠠᠰᠤ ᠶᠢ ᠲᠦᠬᠦᠵᠦ ᠶᠠᠪᠤᠭ᠎ᠠ ᠤᠳᠬᠠᠨᠴᠢᠯᠠᠭᠤ ᠨᠠᠰᠤᠲᠠᠨ ᠬᠠᠷᠠᠬᠠᠨ ᠪᠠᠭ᠎ᠠ ᠠᠴᠠ ᠪᠠᠨ ᠮᠤᠷᠢᠨ ᠳᠤ ᠪᠠᠭ᠋ᠠᠳᠠᠢ ᠪᠤᠯᠬᠤᠷ ᠡᠪᠦᠭᠡ᠂ ᠡᠴᠢᠬᠡ  ᠠᠴᠠ ᠪᠠᠨ ᠮᠣᠷᠢᠨ ᠤ ᠡᠳ᠋ᠯᠠᠯ ᠬᠡᠷᠡᠭᠰᠡᠯ ᠬᠢᠬᠦ ᠮᠡᠷᠭᠡᠵᠢᠯ ᠢ ᠰᠤᠷᠴᠦ᠂ ᠲᠦᠴᠢ ᠭᠠᠷᠤᠢ ᠵᠢᠯ ᠤᠨ ᠪᠠᠷᠢᠮᠳᠠᠯᠠᠯ ᠢᠶᠠᠷ ᠲᠡᠭᠦᠨ ᠤ ᠬᠢᠭᠰᠡᠨ ᠡᠮᠡᠭᠡᠯ ᠬᠠᠵᠠᠭᠠᠷ᠂ ᠨᠤᠭᠳᠤ ᠲᠠᠰᠢᠭᠤᠷ᠂ ᠳᠥᠷᠥᠭᠡ ᠵᠢᠷᠢᠮ ᠵᠡᠷᠭᠡ ᠡᠳ᠋ᠯᠡᠯ ᠬᠡᠷᠡᠭᠰᠡᠯ ᠨᠢ ᠬᠢᠴᠡ ᠤᠷᠠᠨ᠂ ᠶᠠᠰᠤ ᠴᠢᠨᠠᠷ ᠤᠨ ᠲᠠᠯ᠎ᠠ ᠪᠠᠷ ᠪᠠᠳᠤᠯᠠᠭ᠎ᠠ ᠲᠠᠢ ᠪᠣᠯᠬᠤᠷ ᠥᠷᠭᠡᠨ ᠣᠯᠠᠨ ᠮᠠᠯᠴᠢᠳ ᠤᠨ ᠲᠠᠭᠠᠰᠢᠶᠠᠯ ᠢ ᠤᠯᠵᠦ᠂ ᠡᠳᠦᠭᠡ ᠲᠡᠭᠦᠨ ᠤ ᠬᠢᠭᠰᠡᠨ ᠮᠤᠷᠢᠨ ᠬᠡᠷᠡᠭᠰᠡᠯ ᠨᠢ ᠬᠤᠳᠠ ᠬᠤᠰᠢᠭᠤᠨ ᠤ ᠣᠯᠠᠨ ᠤᠳᠠᠭ᠎ᠠ ᠶᠢᠨ ᠱᠠᠩᠨᠠᠯ ᠢ ᠬᠦᠷᠳᠡᠵᠦ᠂ ᠪᠠᠰᠠ ᠸᠢᠴᠠᠲ ᠲᠠᠪᠴᠠᠩ ᠢᠶᠠᠷ ᠣᠷᠳᠣᠰ ᠤᠨ ᠡᠯ᠎ᠡ ᠬᠤᠰᠢᠭᠤ ᠲᠣᠭᠤᠷᠢᠭ᠂ ᠬᠥᠯᠥᠨ ᠪᠤᠶᠢᠷ᠂ ᠰᠢᠯᠢ ᠶᠢᠨ ᠭᠤᠤᠯ᠂ ᠠᠯᠠᠱᠠ ᠵᠡᠷᠭᠡ ᠭᠠᠵᠠᠷ ᠤᠷᠤᠨ ᠢᠶᠠᠷ ᠪᠤᠷᠤᠯᠠᠭᠤᠯᠤᠨ ᠤᠷᠤᠯᠭ᠎ᠠ  ᠪᠠᠨ ᠨᠡᠮᠡᠭᠳᠡᠬᠦᠯᠵᠦ ᠪᠤᠢ᠃      ︽ᠮᠣᠷᠢᠨ ᠤ ᠡᠳ᠋ᠯᠠᠯ ᠬᠡᠷᠡᠭᠰᠡᠯ ᠬᠢᠬᠦ ᠪᠣᠯ ᠮᠣᠳᠤᠨ ᠲᠠᠷᠬᠠᠨ᠂ ᠬᠠᠳᠬᠤᠮᠠᠯ ᠤᠷᠠᠯᠢᠭ᠂ ᠠᠷᠠᠰᠤ ᠡᠯᠳᠡᠬᠦ᠂ ᠲᠡᠮᠦᠷᠯᠢᠭ ᠪᠤᠯᠪᠠᠰᠤᠷᠠᠭᠤᠯᠬᠤ ᠵᠡᠷᠭᠡ ᠭᠠᠷ ᠤᠷᠠᠯᠠᠯ ᠢ ᠨᠢᠬᠡᠳᠬᠡᠭᠰᠡᠨ ᠠᠵᠢᠯ ᠲᠦᠷᠦᠯ ᠪᠠᠶᠢᠵᠦ᠂ ᠮᠤᠷᠢᠨ ᠤ ᠬᠡᠷᠡᠭᠰᠡᠯ ᠨᠢ ᠮᠤᠷᠢ ᠤᠨᠤᠭᠠᠨ ᠤ ᠪᠡᠶ᠎ᠡ ᠶᠢᠨ ᠭᠦᠨᠳᠦ ᠪᠤᠯᠤᠨ ᠭᠦᠳᠡᠯᠭᠡᠭᠡᠨ ᠠᠴᠠ ᠪᠤᠯᠤᠭᠰᠠᠨ ᠲᠠᠭᠠᠷᠢᠯᠳᠠ ᠶᠢᠨ ᠭᠦᠴᠦᠨ ᠢ ᠲᠠᠭᠠᠭᠠᠬᠤ ᠴᠢᠬᠤᠯᠠᠳᠠᠢ ᠲᠤᠯᠠ ᠵᠢᠷᠤᠵᠤ ᠲᠥᠯᠥᠪᠯᠡᠬᠦ ᠠᠴᠠ ᠦᠢᠯᠡᠳᠬᠦ ᠪᠤᠯᠳᠠᠯ᠎ᠠ ᠤᠷᠠᠨ ᠲᠠᠷᠬᠠᠨᠴᠤᠳ ᠤᠨ ᠨᠡᠯᠢᠶᠡᠳ ᠦᠨᠳᠦᠷ ᠲᠦᠪᠰᠢᠨ ᠤ ᠤᠷ᠎ᠠ ᠮᠡᠷᠬᠡᠵᠢᠯ ᠢ ᠱᠠᠭᠠᠷᠳᠠᠳᠠᠭ᠃ ᠰᠠᠶᠢᠨ ᠡᠮᠡᠭᠡᠯ ᠨᠢ ᠬᠦᠯ ᠳᠡᠭᠡᠨ ᠲᠤᠬᠢᠷᠠᠭᠰᠠᠨ ᠱᠠᠬᠠᠢ ᠰᠢᠭ᠋︾ ᠬᠡᠵᠦ ᠤᠳᠬᠠᠨᠴᠢᠯᠠᠭᠤ ᠨᠠᠰᠤᠲᠠᠨ ᠤᠴᠢᠷᠯᠠᠵᠦ ᠪᠠᠶᠢᠯ᠎ᠠ᠃      ᠮᠣᠷᠢᠨ ᠤ ᠡᠳ᠋ᠯᠠᠯ ᠬᠡᠷᠡᠭᠰᠡᠯ ᠬᠢᠬᠦ ᠤᠷ᠎ᠠ ᠮᠡᠷᠭᠡᠰᠢᠯ ᠳᠤ ᠦᠨᠳᠦᠰᠦᠲᠡᠨ ᠤ ᠦᠪᠡᠷᠮᠢᠴᠡ ᠰᠣᠶᠣᠯ ᠤᠨ ᠤᠨᠴᠠᠯᠢᠭ ᠢᠯᠡᠷᠡᠳᠡᠭ ᠪᠣᠯᠬᠤᠷ ᠴᠢᠬᠤᠯᠠ ᠦᠨ᠎ᠡ ᠥᠷᠲᠡᠭ ᠲᠠᠢ ᠶᠤᠮ᠃ ᠡᠨᠡᠭᠦ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠤᠳᠬᠠᠨᠴᠢᠯᠠᠭᠤ ᠨᠠᠰᠤᠲᠠᠨ ᠱᠠᠪᠢ ᠨᠠᠷ ᠳᠠᠭᠠᠨ ᠤᠯᠠᠮᠵᠢᠯᠠᠬᠤ ᠪᠠᠷ ᠪᠠᠷᠠᠬᠤ ᠦᠬᠡᠢ ᠰᠣᠶᠣᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠤᠷᠰᠢᠯᠭ᠎ᠠ ᠪᠠᠨ ᠬᠤᠪᠢᠶᠠᠯᠴᠠᠨ᠂ ᠮᠣᠷᠢᠨ ᠤ ᠡᠳ᠋ᠯᠠᠯ ᠬᠡᠷᠡᠭᠰᠡᠯ ᠤᠨ ᠬᠥᠭᠵᠢᠯᠲᠡ ᠶᠢᠨ ᠵᠠᠮ ᠢ ᠡᠷᠢᠯᠬᠢᠯᠡᠳᠡᠭ ᠪᠢᠯᠡ᠃                                                                                              ᠰᠣᠷᠪᠤᠯᠵᠢᠯᠠᠬᠴᠢ᠄ ᠪᠠᠢ ᠰᠠᠶᠢᠨᠪᠢᠯᠢᠭ᠌  ᠡᠷᠳᠡᠨᠢᠲᠠᠨ᠎ᠠ
ᠢᠷᠡᠯᠲᠡ᠄ ᠣᠲᠣᠭ ᠨᠡᠢᠲᠡᠯᠡᠯ