ᠮᠧᠩ ᠰᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
      ︽ᠶᠢᠰᠦᠨ ᠰᠠᠷ᠎ᠠ ᠶᠢᠨ ᠶᠢᠰᠦᠨ ᠤ ᠪᠠᠶᠠᠷ︾ ᠤᠨ ᠡᠳᠦᠷ ᠪᠣᠯ ᠮᠠᠨ ᠤ ᠤᠯᠤᠰ ᠤᠨ ᠨᠠᠰᠤᠲᠠᠨ ᠢᠶᠠᠨ ᠬᠦᠨᠳᠦᠯᠡᠵᠦ ᠬᠠᠶᠢᠷᠠᠯᠠᠬᠤ ᠤᠯᠠᠮᠵᠢᠯᠠᠯᠲᠤ ᠡᠳᠦᠷ ᠮᠥᠨ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠪᠠᠳᠠᠷᠠᠭᠤᠯᠵᠤ᠂ ᠨᠠᠰᠤᠲᠠᠶᠢᠴᠤᠳ ᠤᠨ ᠰᠣᠶᠣᠯ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠤᠨ᠂ ᠲᠡᠳᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠪᠠᠶᠠᠷ ᠬᠥᠷ ᠲᠠᠢ ᠡᠶ᠎ᠡ ᠵᠣᠬᠢᠴᠠᠩᠭᠤᠢ ᠣᠷᠴᠢᠨ ᠠᠬᠤᠢ ᠶᠢ ᠪᠣᠶ ᠪᠣᠯᠭᠠᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 11 ᠤ ᠡᠳᠦᠷ᠂ ᠮᠸᠡᠭ ᠰᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︽ᠶᠢᠰᠦᠨ ᠰᠠᠷ᠎ᠠ ᠶᠢᠨ ᠶᠢᠰᠦᠨ ᠤ ᠪᠠᠶᠠᠷ︾ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃      ᠲᠤᠰ ᠤᠳᠠᠭ᠎ᠠ ᠶᠢᠨ ᠠᠵᠢᠯᠯᠠᠭ᠎ᠠ ᠳᠤ ᠨᠠᠰᠤᠲᠠᠶᠢᠴᠤᠳ ᠲᠤ ᠪᠤᠤᠬᠢᠶ᠎ᠠ ᠳᠠᠮᠵᠢᠭᠤᠯᠬᠤ᠂ ᠵᠡᠭᠦᠨ ᠪᠠᠷᠠᠭᠤᠨ ᠭᠠᠷ ᠢᠶᠠᠨ ᠵᠣᠬᠢᠴᠠᠭᠤᠯᠬᠤ᠂ ᠥᠨᠳᠡᠭᠡ ᠬᠠᠭᠤᠷᠬᠤ᠂ ᠯᠣᠩᠬᠤ ᠲᠠᠲᠠᠬᠤ ᠵᠡᠷᠭᠡ ᠪᠠᠶᠠᠯᠢᠭ ᠠᠭᠤᠯᠭ᠎ᠠ ᠪᠦᠬᠦᠢ ᠲᠣᠭᠯᠠᠭᠠᠮ ᠤᠳ ᠢ ᠲᠣᠬᠢᠷᠠᠭᠤᠯᠵᠤ᠂ ᠲᠡᠳᠡ ᠡᠯ᠎ᠡ ᠵᠦᠢᠯ ᠤᠨ ᠲᠣᠭᠯᠠᠭᠠᠮ ᠳᠤ ᠪᠠᠶᠠᠷ ᠲᠠᠢ ᠣᠷᠣᠯᠴᠠᠨ᠂ ᠤᠯᠠᠨ ᠢᠶᠠᠷ ᠢᠶᠠᠨ ᠬᠥᠭᠡᠷᠦᠯᠳᠦᠨ ᠪᠠᠶᠠᠰᠤᠯᠴᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠤᠨ ᠠᠵᠢᠯᠲᠠᠳ ᠨᠠᠰᠤᠲᠠᠶᠢᠴᠤᠳ ᠲᠤ ᠪᠡᠯᠡᠭ ᠬᠦᠷᠭᠡᠪᠡ᠃      ᠡᠨᠡ ᠬᠦ ᠣᠨᠴᠠᠭᠠᠶ ᠪᠠᠶᠠᠷ ᠤᠨ ᠡᠳᠦᠷ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠠᠴᠠ ᠨᠠᠰᠤᠲᠠᠶᠢᠴᠤᠳ ᠲᠤ ᠠᠮᠲᠠᠲᠤ ᠪᠣᠤᠪᠤ ᠪᠡᠯᠡᠳᠬᠡᠪᠡ᠂ ᠲᠡᠳᠡ ᠬᠠᠮᠲᠤ ᠳᠠᠭᠠᠨ ᠰᠠᠭᠤᠵᠤ ᠵᠣᠭᠤᠭᠳᠠᠨ᠂ ᠠᠮᠲᠠᠲᠤ ᠪᠣᠣᠪᠤ ᠢᠳᠡᠵᠦ᠂ ᠪᠠᠶᠠᠷ ᠤᠨ ᠡᠳᠦᠷ ᠢᠶᠠᠨ ᠵᠢᠷᠭᠠᠯᠲᠠᠢ ᠥᠩᠭᠡᠷᠡᠭᠦᠯᠵᠦ ᠪᠠᠶᠢᠭ᠎ᠠ ᠠᠬᠤᠢ ᠦᠵᠡᠭᠳᠡᠯ ᠨᠢ ᠰᠡᠳᠬᠢᠯ ᠳᠤ ᠳᠤᠯᠠᠭᠠᠬᠠᠨ ᠰᠠᠨᠠᠭᠳᠠᠭᠤᠯᠵᠤ᠂ ᠬᠦᠮᠦᠨ ᠪᠦᠬᠦᠨ ᠤ ᠴᠢᠷᠠᠢ ᠳᠤ ᠵᠢᠷᠭᠠᠯ ᠤᠨ ᠮᠥᠰᠢᠶᠡᠯ ᠲᠣᠳᠣᠷᠠᠨ᠎ᠠ᠃      ᠡᠲᠡᠭᠡᠷ ᠰᠣᠨᠢᠷᠬᠠᠯᠲᠠᠢ ᠲᠣᠭᠯᠠᠭᠠᠮ ᠨᠢ ᠨᠠᠰᠤᠲᠠᠶᠢᠴᠤᠳ ᠲᠤ ᠪᠠᠶᠠᠷ ᠤᠨ ᠡᠳᠦᠷ ᠤᠨ ᠪᠠᠶᠠᠷ ᠪᠠᠶᠠᠰᠤᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠴᠤ ᠮᠡᠳᠡᠷᠡᠭᠦᠯᠦᠭᠰᠡᠨ ᠪᠠᠶᠢᠨ᠎ᠠ᠃ ᠮᠧᠩ ᠰᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠨᠠᠰᠤᠲᠠᠨ ᠢᠶᠠᠨ ᠤᠯᠠᠮ ᠬᠠᠶᠢᠷᠠᠯᠠᠵᠤ ᠬᠠᠯᠠᠮᠵᠢᠯᠠᠨ᠂ ᠨᠠᠰᠤᠲᠠᠶᠢᠴᠤᠳ ᠤᠨ ᠠᠵᠢᠯ ᠢ ᠰᠠᠶᠢᠲᠤᠷ ᠬᠢᠵᠦ᠂ ᠲᠡᠳᠡᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃   
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ