ᠤᠯᠠᠭᠠᠨᠪᠠᠯᠭᠠᠰᠤ ︽ᠪᠢᠳᠠ ᠪᠦᠭᠦᠳᠡᠭᠡᠷ ᠢᠶᠠᠨ ᠭᠠᠮᠰᠢᠭ ᠢ ᠰᠡᠷᠭᠡᠶᠢᠯᠡᠵᠦ ᠪᠠᠭᠠᠰᠬᠠᠬᠤ︾ ᠭᠤᠣᠯ ᠰᠡᠳᠦᠪᠲᠦ ︽ᠳᠡᠯᠡᠬᠡᠢ ᠶᠢᠨ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
     10 ᠳ᠋ᠤᠭᠠᠷ ᠰᠠᠷ᠎ᠠ ᠶᠢᠨ 13 ᠤ ᠡᠳᠦᠷ ᠪᠣᠯ ᠭᠤᠴᠢᠨ ᠲᠠᠪᠤᠳᠠᠬᠢ ᠳᠡᠯᠡᠬᠡᠢ ᠶᠢᠨ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ︽ᠳᠡᠯᠡᠬᠡᠢ ᠶᠢᠨ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠭᠠᠮᠰᠢᠭ ᠢ ᠰᠡᠷᠭᠡᠶᠢᠯᠡᠵᠦ ᠪᠠᠭᠠᠰᠬᠠᠬᠤ ᠤᠬᠠᠮᠰᠠᠷ ᠢ ᠤᠯᠠᠮ ᠴᠢᠩᠭᠠᠳᠬᠠᠨ᠂ ᠡᠯ᠎ᠡ ᠲᠥᠷᠥᠯ ᠤᠨ ᠭᠡᠨᠡᠳᠲᠡ ᠶᠢᠨ ᠭᠠᠮᠰᠢᠭ ᠢ ᠠᠷᠭᠠᠴᠠᠭᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠤᠯᠠᠭᠠᠨᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠷᠠᠨ ᠣᠲᠤᠭ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ᠂ ︽ᠵᠠᠯᠠᠭᠤ ᠨᠢᠭᠡ ᠦᠶ᠎ᠡ ᠶᠢᠨ ᠬᠢᠨ ᠳᠤ ᠴᠢᠳᠠᠪᠤᠷᠢ ᠣᠯᠭᠤᠵᠤ᠂ ᠰᠠᠶᠢᠨ ᠰᠠᠶᠢᠬᠠᠨ ᠢᠷᠡᠭᠡᠳᠦᠢ ᠪᠠᠨ ᠬᠠᠮᠲᠤᠪᠠᠷ ᠴᠣᠭᠴᠠᠯᠠᠬᠤ︾ ᠭᠤᠣᠯ ᠰᠡᠳᠦᠪ ᠤᠨ ᠲᠣᠭᠤᠷᠢᠨ ᠳᠤ ᠭᠠᠮᠰᠢᠭ ᠢ ᠰᠡᠷᠭᠡᠶᠢᠯᠡᠵᠦ ᠪᠠᠭᠠᠰᠬᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠬᠤ᠂ ᠰᠠᠨᠠᠯ ᠢᠶᠠᠨ ᠰᠣᠯᠢᠯᠴᠠᠨ ᠲᠦᠷᠦᠭᠳᠡᠯ ᠢᠶᠠᠨ ᠬᠤᠪᠢᠶᠠᠯᠴᠠᠬᠤ ᠬᠡᠯᠪᠡᠷᠢ ᠪᠠᠷ ᠰᠤᠷᠤᠭᠴᠢᠳ ᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠲᠤᠬᠠᠢ ᠲᠠᠨᠢᠯᠲᠠ ᠵᠢᠴᠢ ᠭᠠᠮᠰᠢᠭ ᠢ ᠰᠡᠷᠭᠡᠶᠢᠯᠡᠵᠦ ᠪᠠᠭᠠᠰᠬᠠᠬᠤ ᠮᠡᠳᠡᠯᠭᠡ ᠶᠠᠷᠢᠬᠤ ᠶᠢ ᠵᠣᠷᠢᠭᠵᠢᠭᠤᠯᠤᠭᠰᠠᠨ ᠪᠥᠭᠡᠳ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠭᠠᠮᠰᠢᠭ ᠢ ᠰᠡᠷᠭᠡᠶᠢᠯᠡᠵᠦ ᠪᠠᠭᠠᠰᠬᠠᠬᠤ ᠠᠶᠤᠯ ᠠᠴᠠ ᠵᠠᠶᠢᠯᠠᠬᠤ ᠠᠮᠠᠨ ᠤᠩᠰᠢᠯᠭ᠎ᠠ ᠶᠢ ᠲᠦᠭᠡᠮᠡᠯᠵᠢᠭᠦᠯᠵᠦ᠂ ᠰᠤᠷᠤᠭᠴᠢᠳ ᠢ ᠬᠥᠲᠥᠯᠥᠨ ᠵᠢᠯᠤᠭᠤᠳᠴᠦ ᠵᠣᠷᠢᠭᠵᠢᠭᠤᠯᠤᠨ᠂ ᠲᠡᠳᠡᠨ ᠤ ᠭᠠᠮᠰᠢᠭ ᠢ ᠰᠡᠷᠭᠡᠶᠢᠯᠡᠵᠦ ᠪᠠᠭᠠᠰᠬᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃      ᠳᠠᠷᠠᠭ᠎ᠠ ᠨᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠭᠠᠵᠠᠷ ᠬᠥᠳᠡᠯᠦᠯᠲᠡ ᠳᠤ ᠠᠮᠢ ᠵᠢᠭᠤᠲᠠᠬᠤ ᠰᠣᠷᠢᠯᠲᠠ ᠬᠢᠵᠦ᠂ ᠬᠡᠦᠬᠡᠳ ᠤᠳ ᠰᠡᠷᠡᠮᠵᠢ ᠶᠢᠨ ᠳᠣᠬᠢᠶᠠᠨ ᠤ ᠳᠠᠭᠤᠨ ᠢ ᠰᠣᠨᠣᠰᠤᠮᠠᠭᠴᠠ ᠠᠯᠢᠪᠠ ᠬᠥᠳᠡᠯᠭᠡᠭᠡᠨ ᠢᠶᠠᠨ ᠳᠠᠷᠤᠶᠢᠬᠠᠨ ᠵᠣᠭᠰᠣᠨ᠂ ᠬᠠᠮᠤᠭ ᠬᠤᠷᠳᠤᠨ ᠢᠶᠠᠷ ᠰᠢᠷᠡᠭᠡᠨ ᠳᠣᠣᠷ᠎ᠠ᠂ ᠬᠡᠷᠡᠮ ᠤᠨ ᠪᠤᠯᠤᠩ ᠪᠤᠶᠤ ᠠᠷᠢᠭᠤᠨ ᠴᠡᠪᠡᠷ ᠤᠨ ᠲᠠᠰᠤᠯᠭ᠎ᠠ ᠵᠡᠷᠭᠡ ᠠᠮᠤᠷ ᠲᠦᠪᠰᠢᠨ ᠤ ᠭᠤᠷᠪᠠᠯᠵᠢᠨ ᠣᠷᠣᠨ ᠳᠤ  ᠳᠠᠯᠳᠠᠯᠠᠵᠤ᠂ ᠭᠠᠷ ᠢᠶᠠᠷ ᠢᠶᠠᠨ ᠪᠤᠶᠤ ᠨᠣᠮ ᠪᠢᠴᠢᠭ᠂ ᠲᠦᠰᠢᠯᠭᠡ ᠵᠡᠷᠭᠡ ᠪᠠᠷ ᠲᠣᠯᠣᠭᠠᠢ ᠪᠠᠨ ᠬᠠᠮᠠᠭᠠᠯᠠᠨ᠂ ᠲᠣᠯᠣᠭᠠᠢ ᠪᠠᠨ ᠪᠥᠬᠦᠶᠢᠵᠦ ᠣᠴᠣᠶᠢᠨ ᠰᠠᠭᠤᠪᠠ᠃ ᠬᠤᠶᠠᠳᠤᠭᠠᠷ ᠤᠳᠠᠭᠠᠨ ᠤ ᠪᠠᠴᠢᠮ ᠰᠡᠷᠡᠮᠵᠢ ᠶᠢᠨ ᠳᠣᠬᠢᠶ᠎ᠠ ᠳᠤᠤᠭᠠᠷᠬᠤ ᠳᠤ᠂ ᠠᠩᠭᠢ ᠶᠢᠨ ᠪᠠᠭᠰᠢ ᠨᠠᠷ ᠰᠤᠷᠤᠭᠴᠢᠳ ᠢ ᠵᠣᠬᠢᠶᠠᠨ ᠪᠠᠶᠢᠭᠤᠯᠤᠨ ᠭᠠᠷ ᠢᠶᠠᠷ ᠨᠢ ᠲᠣᠯᠣᠭᠠᠢ ᠶᠢ ᠨᠢ ᠬᠠᠮᠠᠭᠠᠯᠠᠭᠤᠯᠵᠤ᠂ ᠲᠠᠮᠢᠷ ᠤᠨ ᠲᠠᠯᠠᠪᠠᠶ ᠳᠤ ᠮᠠᠰᠢ ᠲᠦᠷᠭᠡᠨ ᠢᠶᠠᠷ ᠡᠮᠬᠢ ᠵᠢᠷᠤᠮ ᠲᠠᠢ ᠲᠠᠷᠬᠠᠭᠠᠪᠠ᠃ ᠠᠮᠢ ᠵᠢᠭᠤᠲᠠᠬᠤ ᠰᠣᠷᠢᠯᠲᠠ ᠡᠮᠬᠢ ᠳᠢᠭᠯᠢᠮ ᠲᠠᠢ ᠶᠠᠪᠤᠭᠳᠠᠵᠤ᠂ ᠣᠯᠠᠨ ᠢᠶᠠᠷ ᠢᠶᠠᠨ ᠴᠥᠮ ᠠᠮᠤᠷ ᠲᠦᠪᠰᠢᠨ ᠭᠠᠵᠠᠷ ᠲᠤ ᠬᠦᠷᠦᠭᠰᠡᠨ ᠤ ᠳᠠᠷᠠᠭ᠎ᠠ᠂ ᠪᠠᠭᠰᠢ ᠨᠠᠷ ᠰᠤᠷᠤᠭᠴᠢᠳ ᠢᠶᠠᠨ ᠪᠦᠷᠢᠳᠬᠡᠵᠦ᠂ ᠪᠣᠶ ᠪᠦᠬᠦᠢ ᠬᠡᠦᠬᠡᠳ ᠤᠨ ᠠᠮᠤᠷ ᠲᠦᠪᠰᠢᠨ ᠢ ᠪᠠᠲᠤᠯᠠᠪᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠠᠳ᠂ ᠣᠲᠤᠭ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠪᠠᠭᠰᠢ ᠰᠤᠷᠤᠭᠴᠢᠳ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠ ᠥᠪᠡᠷ ᠢ ᠪᠠᠨ ᠬᠠᠮᠠᠭᠠᠯᠠᠬᠤ᠂ ᠥᠪᠡᠷ ᠢ ᠪᠠᠨ ᠠᠪᠤᠷᠠᠬᠤ ᠵᠢᠴᠢ ᠠᠮᠢ ᠵᠢᠭᠤᠲᠠᠬᠤ ᠴᠢᠳᠠᠪᠤᠷᠢ ᠶᠢ ᠳᠡᠭᠡᠭᠰᠢᠯᠡᠭᠦᠯᠪᠡ᠃ ᠮᠠᠨ ᠤ ᠪᠠᠯᠭᠠᠰᠤ ᠲᠣᠰ ᠤᠳᠠᠭᠠᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠤᠣᠯ ᠰᠡᠳᠦᠪᠲᠦ ᠠᠵᠢᠯᠯᠠᠭ᠎ᠠ ᠪᠠᠷ ᠲᠣᠬᠢᠶᠠᠯᠳᠤᠭᠤᠯᠵᠤ᠂ ᠬᠤᠯᠪᠣᠭᠳᠠᠯ ᠪᠦᠬᠦᠢ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠦᠨ᠂ ᠮᠠᠨ ᠤ ᠪᠠᠯᠭᠠᠰᠤᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠡᠷᠡᠰ ᠴᠢᠩᠭ᠎ᠠ ᠪᠠᠲᠤᠯᠠᠭ᠎ᠠ ᠬᠠᠩᠭᠠᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ