​ᠦᠰᠦᠭ ᠢᠶᠠᠷ ᠦᠭᠦᠯᠡᠬᠦᠢ᠄ 2024 ᠣᠨ ᠤ ᠠᠵᠢᠯ ᠣᠯᠬᠤ ᠳᠤ ᠬᠦᠴᠢᠷᠲᠡᠢ ᠬᠥᠮᠥᠰ ᠲᠤ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠣᠲᠤᠭ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2024/10/14
      ︽ᠡᠳ᠋ ᠤᠨ ᠵᠠᠰᠠᠭ ᠤᠨ ᠶᠠᠮᠤᠨ   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ ᠠᠵᠢᠯ ᠣᠯᠭᠤᠬᠤ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ   ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠡᠳ᠋ ᠤᠨ ᠵᠠᠰᠠᠭ ᠨᠡᠶᠢᠭᠡᠮ ᠤᠨ ᠪᠠᠲᠤᠯᠠᠭ᠎ᠠ ﹇2024﹈ 373 ᠳ᠋ᠤᠭᠠᠷ ᠲᠣᠭᠠᠲᠤ︶ ᠪᠣᠯᠣᠨ ︽2024 ᠣᠨ ᠳᠤ ᠠᠮᠢᠳᠤᠯᠢᠭ ᠢᠶᠠᠷ ᠠᠵᠢᠯ ᠣᠯᠭᠤᠬᠤ ᠠᠵᠢᠯ ᠣᠯᠬᠤ ᠳᠤ ᠬᠦᠴᠢᠷᠲᠡᠢ ᠬᠥᠮᠥᠰ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠣᠷᠳᠣᠰ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠮᠡᠳᠡᠭᠳᠡᠯ︾ ᠶᠣᠰᠣᠭᠠᠷ᠂ ᠡᠳᠦᠭᠡ 2024 ᠣᠨ ᠳᠤ ᠠᠮᠢᠳᠤᠯᠢᠭ ᠢᠶᠠᠷ ᠠᠵᠢᠯ ᠣᠯᠬᠤ ᠶᠢ ᠪᠡᠶᠡᠯᠡᠭᠦᠯᠦᠭᠰᠡᠨ ᠠᠵᠢᠯ ᠣᠯᠬᠤ ᠳᠤ ᠬᠦᠴᠢᠷᠲᠡᠢ ᠬᠥᠮᠥᠰ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠳᠣᠣᠷᠠᠬᠢ ᠮᠡᠲᠦ ᠲᠣᠳᠣᠷᠬᠠᠶᠢᠯᠠᠶ᠎ᠠ᠄       ᠨᠢᠭᠡ᠂ ᠨᠥᠬᠦᠪᠦᠷᠢ ᠥᠭᠬᠦ ᠡᠲᠡᠭᠡᠳ       ᠠᠵᠢᠯ ᠣᠯᠬᠤ ᠳᠤ ᠬᠦᠴᠢᠷᠲᠡᠢ ᠬᠥᠮᠥᠰ ︵ᠨᠠᠰᠤ ᠠᠬᠢᠭᠰᠠᠨ ᠠᠵᠢᠯ ᠠᠯᠳᠠᠭᠰᠠᠳ᠂ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠨ᠂ ᠵᠡᠮᠳᠡᠭᠴᠦᠳ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢᠨ ᠪᠦᠷᠢᠯᠳᠦᠭᠦᠨ᠂ ᠣᠷᠳᠣ ᠬᠤᠭᠤᠴᠠᠭ᠎ᠠ ᠪᠠᠷ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ︶       ᠬᠤᠶᠠᠷ᠂ ᠨᠥᠬᠦᠪᠦᠷᠢ ᠥᠭᠬᠦ ᠪᠠᠷᠢᠮᠵᠢᠶ᠎ᠠ       ︵ᠨᠢᠭᠡ︶ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠮᠠᠨ ᠤ ᠬᠤᠲᠠ ᠶᠢᠨ 2024 ᠣᠨ ᠤ ᠠᠮᠢᠳᠤᠯᠢᠭ ᠢᠶᠠᠷ ᠠᠵᠢᠯ ᠣᠯᠣᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠨᠠᠭᠠᠲᠤ ᠵᠠᠬ᠎ᠠ ᠶᠢᠨ ᠲᠠᠰ ᠨᠢ 11671.2 ᠲᠥᠭᠦᠷᠢᠭ ᠪᠠᠶᠢᠵᠤ᠂ ᠪᠥᠬᠦ ᠵᠢᠯ ᠤᠨ ᠨᠥᠬᠦᠪᠦᠷᠢ᠄ ᠰᠠᠷ᠎ᠠ ᠳᠤ 632 ᠲᠥᠭᠦᠷᠢᠭ × 12 = 7584 ᠲᠥᠭᠦᠷᠢᠭ ᠪᠣᠯᠣᠨ᠎ᠠ᠃ ᠡᠭᠦᠨ ᠳᠤ 1 ᠵᠢᠯ ᠪᠣᠯᠣᠭᠠᠳᠤᠢ ᠨᠥᠬᠦᠪᠦᠷᠢ ᠬᠦᠷᠲᠡᠭᠰᠡᠳ ᠲᠤ ᠬᠠᠷᠠᠭᠠᠯᠵᠠᠭᠰᠠᠨ ᠰᠠᠷ᠎ᠠ ᠶᠢᠨ ᠲᠤᠭ᠎ᠠ ᠪᠠᠷ ᠨᠢ ᠨᠥᠬᠦᠪᠦᠷᠢ ᠥᠭᠭᠦᠨ᠎ᠡ᠃       ︵ᠬᠤᠶᠠᠷ︶ ᠮᠠᠨ ᠤ ᠬᠤᠲᠠ ᠶᠢᠨ 2024 ᠣᠨ ᠤ 1 ᠰᠠᠷ᠎ᠠ ᠠᠴᠠ 6 ᠰᠠᠷ᠎ᠠ ᠪᠣᠯᠲᠠᠯᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠨᠢ 3585.12 ᠲᠥᠭᠦᠷᠢᠭ᠂ 7 ᠰᠠᠷ᠎ᠠ ᠠᠴᠠ 12 ᠰᠠᠷ᠎ᠠ ᠪᠣᠯᠲᠠᠯᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠨᠢ 3112.32 ᠲᠥᠭᠦᠷᠢᠭ᠂ ᠨᠥᠬᠦᠪᠦᠷᠢ ᠥᠭᠬᠦ ᠪᠠᠷᠢᠮᠵᠢᠶ᠎ᠠ 1 ᠰᠠᠷ᠎ᠠ ᠠᠴᠠ 6 ᠰᠠᠷ᠎ᠠ ᠪᠣᠯᠲᠠᠯᠠᠬᠢ ᠨᠥᠬᠦᠪᠦᠷᠢ ᠥᠭᠬᠦ ᠪᠠᠷᠢᠮᠵᠢᠶ᠎ᠠ᠄ 388 ᠲᠥᠭᠦᠷᠢᠭ \ ᠰᠠᠷ᠎ᠠ × 6 = 2328 ᠲᠥᠭᠦᠷᠢᠭ︔ 7 ᠰᠠᠷ᠎ᠠ ᠠᠴᠠ 12 ᠰᠠᠷ᠎ᠠ ᠪᠣᠯᠲᠠᠯᠠᠬᠢ ᠨᠥᠬᠦᠪᠦᠷᠢ ᠶᠢᠨ ᠪᠠᠷᠢᠮᠵᠢᠶ᠎ᠠ᠄ 337 ᠲᠥᠭᠦᠷᠢᠭ \ ᠰᠠᠷ᠎ᠠ × 6 = 2022 ᠲᠥᠭᠦᠷᠢᠭ︔ ᠪᠥᠬᠦ ᠵᠢᠯ ᠤᠨ ᠨᠥᠬᠦᠪᠦᠷᠢ᠄ 4350 ᠲᠥᠭᠦᠷᠢᠭ︔ ᠡᠭᠦᠨ ᠳᠤ 1 ᠵᠢᠯ ᠪᠣᠯᠣᠭᠠᠳᠤᠢ ᠨᠥᠬᠦᠪᠦᠷᠢ ᠬᠦᠷᠲᠡᠭᠰᠡᠳ ᠲᠤ ᠬᠠᠷᠠᠭᠠᠯᠵᠠᠭᠰᠠᠨ ᠰᠠᠷ᠎ᠠ ᠶᠢᠨ ᠲᠤᠭ᠎ᠠ ᠪᠠᠷ ᠨᠢ ᠨᠥᠬᠦᠪᠦᠷᠢ ᠥᠭᠭᠦᠨ᠎ᠡ᠃       ᠭᠤᠷᠪᠠ᠂ ᠨᠥᠬᠦᠪᠦᠷᠢ ᠥᠭᠬᠦ ᠬᠤᠭᠤᠴᠠᠭ᠎ᠠ ᠠᠵᠢᠯ ᠣᠯᠬᠤ ᠳᠤ ᠬᠦᠴᠢᠷᠲᠡᠢ ᠬᠥᠮᠥᠰ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠥᠭᠬᠦ ᠬᠤᠭᠤᠴᠠᠭ᠎ᠠᠬᠠᠤᠯᠢ ᠪᠠᠷ ᠲᠣᠭᠲᠠᠭᠠᠭᠰᠠᠨ ᠠᠵᠢᠯ  ᠠᠴᠠ ᠪᠠᠨ ᠪᠠᠭᠤᠵᠤ ᠠᠮᠠᠷᠠᠬᠤ ᠨᠠᠰᠤ ᠵᠢᠯ ᠨᠢ 5 ᠵᠢᠯ ᠬᠦᠷᠬᠦ ᠦᠭᠡᠢ ᠶᠢ ᠨᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ ︵ᠠᠩᠬ᠎ᠠ ᠬᠢᠨᠠᠨ ᠲᠣᠭᠲᠠᠭᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠥᠷᠳᠡᠬᠦ ᠨᠠᠰᠤ ᠪᠠᠷ ᠪᠠᠷᠢᠮᠵᠢᠶ᠎ᠠ ᠪᠣᠯᠭᠠᠨ᠎ᠠ︶᠃       ᠳᠥᠷᠪᠡ᠂ ᠭᠥᠯᠢᠶᠡᠨ ᠠᠪᠴᠤ ᠰᠢᠢᠳᠪᠦᠷᠢᠯᠡᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ ᠶᠢᠨ 10 ᠤ ᠡᠳᠦᠷ ︵ᠭᠠᠷᠠᠭ ᠤᠨ ᠡᠳᠦᠷ ᠵᠢᠴᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ︶ ᠪᠣᠯᠲᠠᠯ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃       ᠲᠠᠪᠤ᠂ ᠭᠦᠢᠴᠡᠳᠬᠡᠬᠦ ᠲᠠᠰ ᠳᠠᠷᠠᠭᠠᠯᠠᠯ       ︵ᠨᠢᠭᠡ︶ ᠭᠤᠶᠤᠴᠢᠯᠠᠬᠤ᠃ 1. ᠨᠥᠬᠦᠴᠡᠯ ᠳᠤ ᠨᠡᠶᠢᠴᠡᠬᠦ ᠠᠵᠢᠯ ᠣᠯᠬᠤ ᠳᠤ ᠬᠦᠴᠢᠷᠲᠡᠢ ᠬᠥᠮᠥᠰ ︽ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ᠂ ︽ᠠᠵᠢᠯ ᠣᠯᠵᠤ ᠦᠢᠯᠡᠰ ᠪᠦᠲᠦᠭᠡᠬᠦ ᠦᠨᠡᠮᠯᠡᠯ︾ ᠵᠢᠴᠢ ᠬᠠᠭᠤᠯᠪᠤᠷᠢ ︵2 ︱ 3 ᠳ᠋ᠤᠭᠠᠷ ᠨᠢᠭᠤᠷ᠂ 6 ︱7 ᠳ᠋ᠤᠭᠠᠷ ᠨᠢᠭᠤᠷ︶᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠶᠢᠭᠤᠯᠤᠮᠵᠢ ᠶᠢᠨ ᠭᠠᠷᠭᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠨᠠᠷᠢᠨ ᠲᠠᠩᠰᠠ ︵ᠬᠠᠭᠤᠳᠠᠰᠤ︶ ᠶᠢᠨ ᠬᠠᠭᠤᠯᠪᠤᠷᠢ᠂ ᠨᠡᠶᠢᠭᠡᠮ ᠤᠨ ᠳᠠᠭᠠᠳᠬᠠᠯ ᠤᠨ ᠺᠠᠷᠲ ᠵᠢᠴᠢ ᠬᠠᠭᠤᠯᠪᠤᠷᠢ ᠪᠤᠶᠤ ᠪᠠᠩᠬᠢ ᠶᠢᠨ ᠺᠠᠷᠲ ᠢᠶᠠᠷ ᠢᠶᠠᠨ ᠰᠠᠭᠤᠭ᠎ᠠ ᠭᠠᠵᠠᠷ ᠤᠨ ᠪᠠᠶᠢᠭ᠎ᠠ ᠦᠢᠯᠡᠴᠢᠯᠡᠭᠡᠨ ᠤ ᠲᠥᠪ ᠲᠤ ᠭᠤᠶᠤᠴᠢᠯᠠᠯ ᠢᠶᠠᠨ ᠲᠤᠰᠢᠶᠠᠨ᠎ᠠ᠃ 2. ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︽ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠬᠤ ᠬᠦᠰᠦᠨᠦᠭᠲᠦ︾᠂ ᠪᠡᠶ᠎ᠡ ᠶᠢᠨ ᠦᠨᠡᠮᠯᠡᠯ ᠵᠢᠴᠢ ᠬᠠᠭᠤᠯᠪᠤᠷᠢ᠂ ᠰᠤᠷᠭᠠᠭᠤᠯᠢ ᠲᠡᠭᠦᠰᠦᠭᠰᠡᠨ ᠦᠨᠡᠮᠯᠡᠯ ᠵᠢᠴᠢ ᠬᠠᠭᠤᠯᠪᠤᠷᠢ᠂ ᠠᠮᠢᠳᠤᠯᠢᠭ ᠢᠶᠠᠷ ᠠᠵᠢᠯ ᠣᠯᠬᠤ ᠭᠡᠷᠡᠴᠢ ᠮᠠᠲ᠋ᠧᠷᠢᠶᠠᠯ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠶᠢᠭᠤᠯᠤᠮᠵᠢ ᠶᠢᠨ ᠭᠠᠷᠭᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠨᠠᠷᠢᠨ ᠲᠠᠩᠰᠠ ︵ᠬᠠᠭᠤᠳᠠᠰᠤ︶ ᠶᠢᠨ ᠬᠠᠭᠤᠯᠪᠤᠷᠢ᠂ ᠨᠡᠶᠢᠭᠡᠮ ᠤᠨ ᠳᠠᠭᠠᠳᠬᠠᠯ ᠤᠨ ᠺᠠᠷᠲ ᠵᠢᠴᠢ ᠬᠠᠭᠤᠯᠪᠤᠷᠢ ᠵᠢᠴᠢ ᠪᠠᠩᠬᠢ ᠶᠢᠨ ᠺᠠᠷᠲ ᠢᠶᠠᠷ ᠢᠶᠠᠨ ᠰᠠᠭᠤᠭ᠎ᠠ ᠭᠠᠵᠠᠷ ᠤᠨ ᠢᠶᠠᠨ ᠪᠠᠶᠢᠭ᠎ᠠ ᠦᠢᠯᠡᠴᠢᠯᠡᠭᠡᠨ ᠤ ᠲᠥᠪ ᠲᠤ ᠭᠤᠶᠤᠴᠢᠯᠠᠯ ᠢᠶᠠᠨ ᠲᠤᠰᠢᠶᠠᠨ᠎ᠠ᠃       ︵ᠬᠤᠶᠠᠷ︶ ᠢᠯᠡ ᠨᠡᠶᠢᠲᠡᠯᠡᠬᠦ᠃ ᠬᠢᠨᠠᠨ ᠬᠠᠷᠭᠤᠭᠤᠯᠤᠭᠠᠳ ᠪᠠᠲᠤᠯᠠᠭᠤᠯᠤᠭᠰᠠᠨ ᠨᠥᠬᠦᠪᠦᠷᠢ ᠥᠭᠬᠦ ᠪᠠᠷ ᠪᠠᠶᠢᠭ᠎ᠠ ᠬᠥᠮᠥᠰ ᠢ ︽ᠣᠲᠤᠭ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾ ᠤᠨ ᠸᠢᠴᠠᠲ ᠤᠨ ᠨᠡᠶᠢᠲᠡ ᠶᠢᠨ ᠳ᠋ᠤᠭᠠᠷ ᠲᠤ 5 ᠠᠵᠢᠯᠯᠠᠬᠤ ᠡᠳᠦᠷ ᠢᠯᠡ ᠨᠡᠶᠢᠲᠡᠯᠡᠨ᠎ᠡ᠃       ︵ᠭᠤᠷᠪᠠ︶ ᠪᠡᠯᠡ ᠮᠥᠩᠭᠦ ᠶᠢ ᠰᠠᠯᠭᠠᠨ ᠥᠭᠬᠦ᠃ ᠢᠯᠡ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠠᠶᠢᠪᠠᠯ᠂ ᠣᠲᠤᠭ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠨᠥᠬᠦᠪᠦᠷᠢ ᠶᠢᠨ ᠪᠡᠯᠡ ᠮᠥᠩᠭᠦ ᠶᠢ ᠭᠤᠶᠤᠴᠢᠯᠠᠭᠴᠢ ᠶᠢᠨ ᠲᠠᠩᠰᠠᠨ ᠡᠷᠦᠬᠡ ᠳᠤ ᠰᠢᠭᠤᠳ ᠰᠢᠯᠵᠢᠭᠦᠯᠦᠨ ᠥᠭᠭᠦᠨ᠎ᠡ᠃       ᠵᠢᠷᠭᠤᠭ᠎ᠠ᠂ ᠪᠤᠰᠤᠳ ᠵᠦᠢᠯ᠃ ᠳᠣᠣᠷᠠᠬᠢ ᠬᠥᠮᠥᠰ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠬᠤ ᠦᠭᠡᠢ᠄       ︵ᠨᠢᠭᠡ︶ ᠰᠤᠷᠭᠠᠭᠤᠯᠢ ᠳᠤ ᠣᠷᠣᠭᠰᠠᠨ᠂ ᠴᠡᠷᠢᠭ ᠤᠨ ᠠᠯᠪᠠ ᠬᠠᠭᠠᠭᠰᠠᠨ᠂ ᠨᠠᠰᠤ ᠪᠠᠷᠠᠭᠰᠠᠨ᠂ ᠬᠢᠯᠢ ᠶᠢᠨ ᠭᠠᠳᠠᠨ᠎ᠠ ᠨᠡᠭᠦᠵᠦ ᠰᠠᠭᠤᠭᠰᠠᠨ᠂ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ᠂ ᠡᠷᠡᠭᠦᠦ ᠪᠠᠷ ᠰᠢᠳᠬᠡᠭᠳᠡᠵᠦ ᠭᠢᠨᠳᠠᠨ ᠳᠤ ᠬᠤᠷᠢᠭᠳᠠᠭᠰᠠᠨ ᠬᠥᠮᠥᠰ᠃      ︵ᠬᠤᠶᠠᠷ︶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠠᠤᠯᠢ ᠶᠢᠨ ᠬᠥᠮᠥᠨ᠂ ᠠᠵᠤ ᠠᠬᠤᠶᠢᠯᠠᠯ ︵ᠨᠢᠭᠡᠴᠢ︶  ᠤᠨ ᠬᠠᠤᠯᠢ ᠶᠢᠨ ᠬᠥᠮᠥᠨ᠂ ᠬᠤᠪᠢ ᠣᠷᠣᠭᠤᠯᠤᠭᠴᠢ᠂ ᠬᠢᠨᠠᠭᠴᠢ᠂ ᠬᠡᠷᠡᠭ ᠮᠡᠳᠡᠭᠴᠢ᠂ ᠬᠡᠷᠡᠭ ᠡᠷᠬᠢᠯᠡᠭᠴᠢ ᠵᠡᠷᠭᠡ ᠠᠵᠤ ᠠᠬᠤᠶᠢᠯᠠᠯ ᠤᠨ ᠭᠤᠣᠯ ᠲᠤᠰᠢᠶᠠᠯ ᠢ ᠡᠭᠦᠷᠭᠡᠯᠡᠵᠦ ᠪᠠᠶᠢᠭ᠎ᠠ ᠬᠥᠮᠥᠰ᠃      ︵ᠭᠤᠷᠪᠠ︶  ᠠᠵᠢᠯ ᠠᠯᠳᠠᠭᠰᠠᠨ ᠳᠠᠭᠠᠳᠬᠠᠯ ᠤᠨ ᠬᠠᠷᠠᠭᠠᠯᠵᠠᠯ ᠢ ᠬᠦᠷᠲᠡᠵᠦ ᠪᠠᠶᠢᠭ᠎ᠠ ᠬᠥᠮᠥᠰ᠃       ︵ᠳᠥᠷᠪᠡ︶ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠬᠦᠷᠲᠡᠵᠦ ᠪᠠᠶᠢᠭ᠎ᠠ ᠪᠤᠶᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤᠨ ᠳᠤ ᠬᠥᠷᠥᠭᠰᠡᠨ ᠬᠥᠮᠥᠰ᠃       ︵ᠲᠠᠪᠤ︶ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠦ ᠶᠢᠨ ᠪᠣᠳᠣᠯᠭ᠎ᠠ ᠶᠢ ᠡᠳ᠋ᠯᠡᠬᠦ ᠬᠤᠭᠤᠴᠠᠭ᠎ᠠ ᠨᠢ ᠳᠦᠭᠦᠷᠦᠭᠰᠡᠨ ᠬᠥᠮᠥᠰ᠃       ︵ᠵᠢᠷᠭᠤᠭ᠎ᠠ︶ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠳᠤ ᠡᠯᠰᠡᠭᠳᠡᠭᠰᠡᠨ ᠪᠤᠶᠤ ᠪᠠᠶᠢᠭᠤᠯᠭ᠎ᠠ ᠨᠢᠭᠡᠴᠢ ᠠᠴᠠ ᠨᠡᠶᠢᠭᠡᠮ ᠤᠨ ᠳᠠᠭᠠᠳᠬᠠᠯ ᠢ ᠨᠢ ᠲᠤᠰᠢᠶᠠᠭᠰᠠᠨ᠂ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠠᠵᠢᠯᠲᠠᠨ᠃       ︵ᠳᠣᠯᠤᠭ᠎ᠠ︶ ᠠᠵᠢᠯ ᠣᠯᠬᠤ ᠳᠤ ᠬᠦᠴᠢᠷᠲᠡᠢ ᠬᠥᠮᠥᠰ ᠠᠮᠢᠳᠤᠯᠢᠭ ᠢᠶᠠᠷ ᠠᠵᠢᠯ ᠣᠯᠣᠭᠰᠠᠨ ᠤ ᠳᠠᠷᠠᠭ᠎ᠠ᠂ ᠠᠵᠢᠯ ᠠᠯᠳᠠᠭᠰᠠᠨ ᠳᠠᠩᠰᠠᠯᠠᠯ ᠪᠤᠶᠤ ᠪᠠᠶᠢᠭᠤᠯᠭ᠎ᠠ ᠨᠢᠭᠡᠴᠢ ᠶᠢᠨ ᠠᠵᠢᠯ ᠣᠯᠣᠭᠰᠠᠨ ᠳᠠᠩᠰᠠᠯᠠᠯ ᠬᠢᠯᠭᠡᠭᠰᠡᠨ ᠬᠥᠮᠥᠰ᠃       ᠳᠣᠯᠤᠭ᠎ᠠ᠂ ᠭᠦᠢᠴᠡᠳᠬᠡᠬᠦ ᠭᠠᠵᠠᠷ       ᠣᠲᠤᠭ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ A ᠠᠰᠠᠷ ᠤᠨ ᠶᠡᠷᠦᠩᠬᠡᠶᠢᠯᠡᠭᠰᠡᠨ ᠴᠣᠩᠬᠤᠪᠴᠢ 0477- 6213980᠂ 0477- 6213099       ᠴᠢ ᠫᠠᠨ ᠵᠢᠩ ᠪᠠᠯᠭᠠᠰᠤᠨ ᠤ ᠴᠢ ᠫᠠᠨ ᠵᠢᠩ ᠮᠧᠩ ᠰᠢ ᠶᠢᠨ ᠵᠠᠰᠠᠭ ᠤᠨ ᠶᠠᠪᠤᠳᠠᠯ ᠤᠨ ᠲᠥᠪ ᠤᠨ ᠶᠡᠷᠦᠩᠬᠡᠶᠢᠯᠡᠭᠰᠡᠨ ᠴᠣᠩᠬᠤᠪᠴᠢ 0477- 6486936 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ